ᠬᠠᠳᠠ ᠬᠡᠰᠡᠭ ᠰᠢᠶᠠᠩ ᠪᠠᠯᠭᠠᠰᠤᠨ ᠳᠤ ᠬᠦᠷᠴᠦ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/4/3
4 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠬᠡᠰᠡᠭ ᠰᠢᠶᠠᠩ ᠪᠠᠯᠭᠠᠰᠤᠨ ᠳᠤ ᠬᠦᠷᠴᠦ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠠᠶᠢᠴᠠᠭᠠᠨ ᠵᠢᠯᠣᠭᠤᠳᠪᠠ᠃ ᠬᠠᠳᠠ ᠶᠠᠭᠤᠨ ᠤ ᠡᠮᠦᠨ᠎ᠡ ᠵᠦᠸᠧ ᠸᠧᠢ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠾᠧᠩ ᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠣᠨ ᠰᠠᠢ ᠹᠧᠩ ᠲᠥᠮᠥᠰᠥ ᠶᠢᠨ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ᠂ ᠰᠦᠯᠢᠶᠥᠦ ᠪᠦᠷᠬᠦᠪᠴᠢ᠂ ᠳᠤᠰᠤᠯᠭᠠᠨ ᠤᠰᠤᠯᠠᠬᠤ ᠬᠤᠭᠤᠯᠠᠢ ᠶᠢᠨ ᠦᠢᠯᠡᠳᠪᠦᠷᠢᠯᠡᠯ ᠪᠣᠷᠤᠯᠠᠭᠤᠯᠭ᠎ᠠ᠂ ᠦᠷ᠎ᠡ ᠶᠢᠨ ᠲᠥᠮᠥᠰᠥ ᠶᠢ ᠦᠷᠡᠵᠢᠭᠦᠯᠦᠨ ᠪᠣᠶᠢᠵᠢᠭᠤᠯᠬᠤ ᠵᠢᠴᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠣᠷᠤᠯᠠᠭᠤᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠵᠦᠢᠯ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠷᠢᠶᠠᠯᠠᠩ ᠤᠨ ᠴᠠᠭ ᠢ ᠠᠮᠵᠢᠵᠤ᠂ ᠲᠠᠷᠢᠶᠠᠯᠠᠩ ᠤᠨ ᠠᠵᠢᠯ ᠢ ᠰᠠᠭᠠᠲᠠᠭᠠᠬᠤ ᠦᠭᠡᠢ ᠪᠠᠶᠢᠵᠤ᠂ ᠰᠦᠯᠢᠶᠥᠦ ᠪᠦᠷᠬᠦᠪᠴᠢ᠂ ᠲᠥᠮᠥᠰᠥ᠂ ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠵᠤ᠂ ᠬᠠᠩᠭᠠᠯᠭ᠎ᠠ ᠬᠡᠷᠡᠭᠴᠡᠭᠡ ᠶᠢ ᠲᠣᠬᠢᠷᠠᠭᠤᠯᠬᠤ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠡᠷᠭᠡᠪᠡᠷ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠦᠢᠯᠡᠳᠪᠦᠷᠢᠯᠡᠵᠦ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠭᠦᠢᠴᠡᠳ᠂ ᠶᠠᠰᠤ ᠴᠢᠨᠠᠷ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃  ᠬᠥᠬᠡ ᠡᠷᠭᠢ ᠪᠠᠯᠭᠠᠰᠤᠨ ᠤ ᠳᠡᠭᠡᠷᠡᠮᠡᠲᠦ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠡᠭ ᠲᠤ᠂ ᠬᠠᠳᠠ ᠲᠦᠷᠦᠯ ᠵᠦᠢᠯ ᠤᠨ ᠪᠦᠬᠦᠯᠢ ᠴᠣᠭᠴᠠ ᠶᠢᠨ ᠲᠥᠯᠦᠪᠵᠢᠭᠦᠯᠭᠡ᠂ ᠲᠠᠷᠢᠮᠠᠯ ᠤᠨ ᠲᠦᠷᠦᠯ ᠵᠦᠢᠯ ᠤᠨ ᠰᠣᠩᠭᠤᠯᠲᠠ᠂ ᠲᠠᠷᠢᠶᠠᠨ ᠭᠠᠵᠠᠷ ᠤᠨ ᠬᠠᠮᠢᠶᠠᠷᠤᠯᠲᠠ᠂ ᠤᠰᠤᠨ ᠠᠰᠢᠭᠯᠠᠯᠲᠠ ᠶᠢᠨ ᠤᠰᠤᠯᠠᠯᠲᠠ᠂ ᠬᠥᠷᠥᠰᠥ ᠰᠢᠷᠣᠢ ᠶᠢᠨ ᠰᠠᠶᠢᠵᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠡᠷᠢᠭᠦᠨ ᠴᠢᠬᠤᠯᠠ ᠡᠭᠦᠷᠭᠡ ᠪᠣᠯᠭᠠᠨ ᠴᠢᠩᠭ᠎ᠠ ᠠᠳᠬᠤᠵᠤ ᠪᠣᠳᠠᠲᠠᠢ ᠪᠠᠷ ᠠᠳᠬᠤᠬᠤ ᠬᠡᠷᠡᠭᠲᠡᠢ᠃ ᠤᠰᠤ ᠬᠠᠳᠠᠭᠠᠯᠠᠬᠤ᠂ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠡᠯ᠎ᠡ ᠵᠦᠢᠯ ᠤᠨ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠥᠨᠳᠥᠷ ᠪᠦᠲᠦᠮᠵᠢᠲᠡᠶ ᠪᠠᠷ ᠥᠷᠨᠢᠭᠦᠯᠵᠦ᠂ ᠮᠡᠷᠭᠡᠵᠢᠯ ᠤᠨ ᠵᠢᠯᠣᠭᠤᠳᠤᠯᠭ᠎ᠠ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠵᠡᠷᠭᠡ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠲᠠᠷᠢᠶᠠᠴᠢᠳ ᠢ ᠬᠠᠪᠰᠤᠷᠤᠨ ᠦᠢᠯᠡᠳᠪᠦᠷᠢᠯᠡᠯ ᠤᠨ ᠳᠤᠮᠳᠠᠬᠢ ᠪᠣᠳᠠᠲᠠᠢ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ᠂ ᠠᠮᠤ ᠪᠤᠳᠠᠭ᠎ᠠ ᠲᠠᠷᠢᠬᠤ ᠢᠳᠡᠪᠬᠢᠵᠢᠯ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠵᠢᠶᠧ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠪᠠ᠃ ︵ᠰᠤᠷᠪᠤᠯᠵᠢᠯᠠᠭᠴᠢ᠄ ᠯᠢᠦ ᠪᠠᠢ ᠢᠦᠢ᠂ ᠴᠧᠨ ᠪᠦᠥᠸ᠋︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号