ᠮᠠᠨ ᠤ ᠣᠷᠣᠨ 66738 ᠲᠦᠮᠡᠨ ᠲᠥᠭᠦᠷᠢᠭ ᠤᠨ ᠵᠠᠮ ᠨᠡᠪᠲᠡᠷᠡᠯᠭᠡ ᠶᠢᠨ ᠰᠦᠢᠳᠬᠡᠯ ᠢ ᠬᠠᠰᠤᠵᠤ ᠬᠡᠯᠲᠦᠷᠢᠭᠦᠯᠵᠡᠢ
ᠨᠡᠶᠢᠲᠡᠯᠡᠭᠰᠡᠨ ᠴᠠᠭ᠄
2024/4/3
     ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠡᠯ᠎ᠡ ᠲᠥᠷᠥᠯ ᠤᠨ ᠵᠠᠮ ᠨᠡᠪᠲᠡᠷᠡᠯᠭᠡ ᠶᠢᠨ ᠰᠦᠢᠳᠬᠡᠯ ᠢᠶᠠᠷ ᠠᠷᠠᠳ ᠲᠤ ᠠᠰᠢᠭ ᠬᠦᠷᠲᠡᠭᠡᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠠᠬᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ 2 ᠰᠠᠷ᠎ᠠ ᠶᠢᠨ ᠰᠡᠭᠦᠯᠴᠢ ᠪᠤᠯᠲᠠᠯ᠎ᠠ ᠪᠦᠭᠦ ᠣᠷᠣᠨ ᠢᠶᠠᠷ  ᠢᠶᠠᠨ ᠨᠡᠶᠢᠲᠡ 66738 ᠲᠦᠮᠡᠨ ᠲᠥᠭᠦᠷᠢᠭ ᠤᠨ ᠵᠠᠮ ᠨᠡᠪᠲᠡᠷᠡᠯᠭᠡ ᠶᠢᠨ ᠰᠦᠢᠳᠬᠡᠯ ᠢ ᠬᠠᠰᠤᠵᠤ ᠬᠡᠯᠲᠦᠷᠢᠭᠦᠯᠦᠨ᠂ ᠨᠢᠳᠤᠨᠤᠨ ᠤ ᠠᠳᠠᠯᠢ  ᠬᠤᠭᠤᠴᠠᠭᠠᠨ ᠤ ᠬᠢ ᠠᠴᠠ 139.07% ᠪᠠᠷ ᠨᠡᠮᠡᠭᠳᠡᠭᠰᠡᠨ ᠪᠠᠶᠢᠨ᠎ᠠ᠃      ᠲᠦᠷᠦᠭᠦᠤ 2 ᠰᠠᠷ᠎ᠠ ᠳᠤ᠂ ᠪᠦᠭᠦ ᠣᠷᠣᠨ ᠤ ᠡᠯ᠎ᠡ ᠭᠠᠵᠠᠷ ᠤᠨ ᠬᠢᠨ ᠰᠢᠨ᠎ᠡ ᠰᠣᠷᠭᠤᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠠᠤᠯᠢ ᠶᠣᠰᠣᠭᠠᠷ ᠳᠦᠭᠦᠷᠡᠩ ᠰᠠᠪᠠᠯᠠᠵᠤ ᠲᠡᠭᠡᠭᠡᠪᠦᠷᠢᠯᠡᠭᠰᠡᠨ ᠮᠠᠰᠢᠨ ᠲᠡᠷᠭᠡ ᠶᠢᠨ ᠵᠠᠮ ᠨᠡᠪᠲᠡᠷᠡᠯᠭᠡ ᠶᠢᠨ ᠰᠦᠢᠳᠬᠡᠯ ᠢ 6824 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ ᠪᠠᠰᠠ ᠪᠤᠶ ᠪᠦᠬᠦᠢ ᠲᠦᠷᠭᠡᠨ ᠤ ᠵᠠᠰᠠᠮᠠᠯ ᠵᠠᠮ ᠢᠶᠠᠷ ᠨᠡᠪᠲᠡᠷᠡᠬᠦ ᠮᠠᠰᠢᠨ ᠲᠡᠷᠭᠡ ᠬᠡᠷᠪᠡ ETC ᠺᠠᠷᠲ ᠢᠶᠠᠷ ᠵᠠᠮ ᠨᠡᠪᠲᠡᠷᠡᠯᠭᠡ ᠶᠢᠨ ᠰᠦᠢᠳᠬᠡᠯ ᠤᠨ ᠪᠦᠭᠦ ᠮᠥᠩᠭᠦ ᠪᠠᠨ ᠲᠤᠰᠢᠶᠠᠭᠰᠠᠨ ᠪᠣᠯ 95% ᠪᠠᠷ ᠨᠤᠭᠤᠯᠤᠨ ᠪᠤᠳᠣᠵᠤ ᠰᠦᠢᠳᠬᠡᠯ ᠬᠤᠷᠢᠶᠠᠨ᠂ ᠨᠡᠶᠢᠲᠡ 7723 ᠲᠦᠮᠡᠨ ᠲᠥᠭᠦᠷᠢᠭ ᠬᠠᠰᠤᠵᠤ ᠬᠡᠯᠲᠦᠷᠢᠭᠦᠯᠦᠨ᠂ ᠲᠦᠷᠭᠡᠨ ᠤ ᠵᠠᠰᠠᠮᠠᠯ ᠵᠠᠮ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠠᠰᠢᠭ ᠢ ᠤᠯᠠᠨ ᠳᠤ ᠬᠦᠷᠲᠡᠭᠡᠪᠡ᠃      ᠲᠦᠷᠦᠭᠦᠤ 2 ᠰᠠᠷ᠎ᠠ ᠳᠤ᠂ ᠪᠦᠭᠦ ᠣᠷᠣᠨ ᠤ ᠡᠯ᠎ᠡ ᠭᠠᠵᠠᠷ ᠤᠨ ᠬᠢᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠰᠦᠢᠳᠬᠡᠯ ᠬᠤᠷᠢᠶᠠᠬᠤ ᠵᠠᠰᠠᠮᠠᠯ ᠵᠠᠮ ᠤᠨ ᠠᠶᠠᠯᠠᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ ᠲᠦᠪᠰᠢᠨ ᠢ ᠤᠯᠠᠮ ᠳᠡᠭᠡᠭᠰᠢᠯᠡᠭᠦᠯᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ ᠲᠦᠷᠭᠡᠨ ᠤ ᠵᠠᠰᠠᠮᠠᠯ ᠵᠠᠮ ᠳᠤ ᠰᠦᠢᠳᠬᠡᠯ ᠦᠯᠤ ᠬᠤᠷᠢᠶᠠᠬᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠮᠠᠯ ᠵᠠᠮ ᠢᠶᠠᠷ ᠠᠶᠠᠯᠠᠬᠤ 7 ᠰᠠᠭᠤᠳᠠᠯ ᠵᠢᠴᠢ ᠲᠡᠭᠦᠨ ᠠᠴᠠ ᠳᠣᠷᠣᠭᠰᠢᠬᠢ ᠪᠠᠭ᠎ᠠ ᠭᠡᠯᠪᠡᠷᠢ ᠶᠢᠨ ᠠᠶᠠᠨᠴᠢᠨ ᠤ ᠮᠠᠰᠢᠨ ᠲᠡᠷᠭᠡ ᠠᠴᠠ 23308 ᠲᠦᠮᠡᠨ ᠲᠥᠭᠦᠷᠢᠭ ᠤᠨ ᠵᠠᠮ ᠨᠡᠪᠲᠡᠷᠡᠯᠭᠡ ᠶᠢᠨ ᠰᠦᠢᠳᠬᠡᠯ ᠢ ᠭᠡᠯᠳᠦᠷᠢᠭᠦᠯᠪᠠ᠃ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠮᠠᠰᠢᠨ ᠲᠡᠷᠭᠡ᠂ ᠠᠶᠤᠯ ᠭᠠᠮᠰᠢᠭ ᠠᠴᠠ ᠠᠪᠤᠷᠠᠬᠤ ᠡᠭᠦᠷᠭᠡ ᠭᠦᠢᠴᠡᠳᠬᠡᠵᠦ ᠪᠠᠶᠢᠭ᠎ᠠ ᠮᠠᠰᠢᠨ ᠲᠡᠷᠭᠡ ᠮᠡᠲᠦ ᠶᠢᠨ ᠵᠠᠮ ᠨᠡᠪᠲᠡᠷᠡᠯᠭᠡ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠮᠠᠰᠢᠨ ᠲᠡᠷᠭᠡ ᠠᠴᠠ 26997 ᠲᠦᠮᠡᠨ ᠲᠥᠭᠦᠷᠢᠭ ᠤᠨ ᠵᠠᠮ ᠨᠡᠪᠲᠡᠷᠡᠯᠭᠡ ᠶᠢᠨ ᠰᠦᠢᠳᠬᠡᠯ ᠢ ᠬᠠᠰᠤᠵᠤ ᠭᠡᠯᠲᠦᠷᠢᠭᠦᠯᠪᠠ᠃ ᠲᠦᠷᠭᠡᠨ ᠤ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠲᠥᠷᠦ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠨᠡᠶᠢᠲᠡ 1841 ᠲᠦᠮᠡᠨ ᠲᠥᠭᠦᠷᠢᠭ ᠤᠨ ᠵᠠᠮ ᠨᠡᠪᠲᠡᠷᠡᠯᠭᠡ  ᠶᠢᠨ ᠰᠦᠢᠳᠬᠡᠯ ᠢ ᠬᠠᠰᠤᠵᠤ ᠬᠡᠯᠲᠦᠷᠢᠭᠦᠯᠪᠡ᠃ ᠪᠠᠰᠠ ᠰᠢᠨ᠎ᠡ ᠡᠨᠧᠷᠭᠢ ᠶᠢᠨ ᠮᠠᠰᠢᠨ ᠲᠡᠷᠭᠡ ᠠᠴᠠ ᠨᠡᠶᠢᠲᠡ 45 ᠲᠦᠮᠡᠨ ᠲᠥᠭᠦᠷᠢᠭ ᠤᠨ ᠵᠥᠷᠢᠶᠡᠲᠦ ᠭᠠᠶᠢᠯᠢ ᠶᠢ ᠬᠠᠰᠤᠵᠤ ᠬᠡᠯᠲᠦᠷᠢᠭᠦᠯᠦᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号