ᠮᠠᠨ ᠤ ᠣᠷᠣᠨ ᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢᠨ ᠭᠤᠣᠯ ᠬᠠᠷᠠᠯᠲᠠ ᠲᠣᠳᠣᠷᠠᠪᠠ
ᠨᠡᠶᠢᠲᠡᠯᠡᠭᠰᠡᠨ ᠴᠠᠭ᠄
2024/4/3
     ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠰᠢᠯᠢᠳᠡᠭᠵᠢᠭᠦᠯᠦᠯᠲᠡ ᠶᠢ ᠠᠬᠢᠭᠤᠯᠵᠤ᠂ ᠤᠯᠠᠨ ᠡᠰᠢᠵᠢᠨ ᠬᠥᠭᠵᠢᠭᠰᠡᠨ ᠤᠯᠠᠨ ᠲᠤᠶᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠱᠠᠯᠠᠪᠳᠠᠨ ᠪᠠᠶᠢᠭᠤᠯᠬᠤ ᠶᠢᠨ ᠲᠥᠯᠥᠭᠡ᠂ ᠮᠠᠨ ᠤ ᠣᠷᠣᠨ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠨ ᠡᠰᠢᠵᠢᠨ ᠬᠥᠭᠵᠢᠭᠰᠡᠨ ᠤᠯᠠᠨ ᠲᠤᠶᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠨ ᠨᠡᠶᠢᠲᠡᠯᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢᠨ ᠭᠤᠣᠯ ᠬᠠᠷᠠᠯᠲᠠ ᠶᠢ ᠲᠣᠳᠣᠷᠬᠠᠶᠢᠯᠠᠪᠠ᠃      ᠬᠡᠷᠡᠭᠵᠢᠭᠦᠯᠬᠦ ᠲᠥᠰᠥᠯ ᠳᠤ ᠲᠣᠳᠣᠷᠬᠠᠶᠢᠯᠠᠭᠰᠠᠨ ᠢᠶᠠᠷ᠂ ᠮᠠᠨ ᠤ ᠣᠷᠣᠨ ᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢᠨ ᠭᠤᠣᠯ ᠬᠠᠷᠠᠯᠲᠠ ᠪᠣᠯ 2025 ᠣᠨ ᠪᠤᠯᠬᠤ ᠳᠤ᠂ ᠪᠦᠭᠦ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ ᠵᠢᠯ ᠳᠤᠮᠳᠠᠴᠢ ᠪᠠᠷ 6% ᠠᠴᠠ ᠳᠡᠭᠡᠭᠰᠢ ᠨᠡᠮᠡᠭᠳᠡᠭᠦᠯᠵᠦ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ ᠢ ᠵᠢᠯ ᠳᠤᠮᠳᠠᠴᠢ ᠪᠠᠷ 6% ᠣᠷᠴᠢᠮ ᠨᠡᠮᠡᠭᠳᠡᠭᠦᠯᠦᠨ᠂ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠳᠤ ᠨᠡᠶᠢᠳᠡ 1.2 ᠲᠦᠮᠡᠨ ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠵᠦ᠂ ᠦᠢᠯᠡᠳᠬᠦ ᠦᠢᠯᠡᠰ ᠤᠨ ᠨᠡᠮᠡᠭᠳᠡᠯ ᠦᠷᠳᠡᠭ ᠤᠨ GDP ᠳᠠᠬᠢ ᠡᠵᠡᠯᠡᠬᠦ ᠬᠠᠷᠢᠴᠠᠯ ᠢ 16% ᠳᠤ ᠬᠦᠷᠭᠡᠨ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠠᠵᠤ ᠦᠢᠯᠡᠰ ᠤᠨ ᠪᠦᠯᠦᠭᠵᠢᠯ ᠤᠨ ᠬᠡᠪᠴᠢᠶᠡᠵᠢᠯ ᠤᠨ ᠳᠠᠪᠠᠭᠤᠯᠢᠭ ᠢ ᠮᠡᠳᠡᠭᠳᠡᠮ᠎ᠡ ᠴᠢᠩᠭᠠᠳᠬᠠᠵᠤ᠂ ᠦᠢᠯᠡᠳᠬᠦ ᠦᠢᠯᠡᠰ ᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠥᠭᠡᠷᠡᠴᠢᠯᠡᠯᠲᠡ ᠪᠠ ᠪᠣᠬᠢᠷᠳᠤᠯ ᠦᠭᠡᠢ ᠬᠥᠭᠵᠢᠯᠲᠡ ᠳᠤ ᠲᠣᠪᠣᠶᠢᠮ᠎ᠠ ᠠᠮᠵᠢᠯᠲᠠ ᠪᠦᠲᠦᠮᠵᠢ ᠣᠯᠵᠤ᠂ ᠪᠦᠭᠦ ᠤᠯᠤᠰ ᠲᠡᠷᠡᠴᠢᠯᠡᠨ ᠪᠦᠭᠦ ᠳᠡᠯᠡᠬᠡᠢ ᠳᠤ ᠨᠥᠯᠥᠭᠡᠯᠡᠬᠦ ᠬᠦᠴᠦᠨ ᠪᠦᠬᠦᠢ ᠨᠢᠭᠡ ᠪᠦᠯᠦᠭ ᠠᠵᠤ ᠠᠬᠤᠶᠢᠯᠠᠯ ᠪᠠ ᠲᠦᠷᠦᠯ ᠲᠡᠮᠳᠡᠭ ᠢ ᠪᠤᠢ ᠪᠣᠯᠭᠠᠨ᠂ ᠠᠵᠤ ᠦᠢᠯᠡᠰ ᠤᠨ ᠳᠠᠶᠢᠴᠢᠯᠠᠬᠤ ᠬᠦᠴᠦᠨ ᠢ ᠢᠯᠡᠳᠲᠡ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠶᠡᠷᠦᠩᠬᠡᠢ ᠬᠡᠮᠵᠢᠶ᠎ᠡ  ᠪᠠᠷ ᠪᠦᠭᠦ ᠤᠯᠤᠰ ᠤᠨ ᠳᠤᠮᠳᠠ ᠲᠦᠪᠰᠢᠨ ᠳᠤ ᠣᠷᠣᠬᠤ ᠪᠠᠷ ᠴᠢᠷᠮᠠᠶᠢᠨ᠎ᠠ᠃ 2035 ᠣᠨ ᠪᠤᠯᠬᠤ ᠳᠤ᠂ ᠪᠦᠭᠦ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠨᠡᠩ ᠪᠠᠬᠢᠵᠢᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠲᠡᠷᠢᠭᠦᠨ ᠤ ᠦᠢᠯᠡᠳᠬᠦ ᠦᠢᠯᠡᠰ ᠲᠦᠷᠭᠡᠨ ᠬᠥᠭᠵᠢᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ  ᠶᠢᠨ ᠬᠡᠯᠬᠢᠶᠡᠨ ᠤ ᠣᠳᠣᠬᠢᠴᠢᠯᠠᠭᠰᠠᠨ ᠲᠦᠪᠰᠢᠨ ᠤᠯᠠᠮ ᠳᠡᠭᠡᠭᠰᠢᠯᠡᠨ᠂ ᠣᠶᠤᠨᠴᠢᠯᠠᠭᠰᠠᠨ ᠪᠣᠬᠢᠷᠳᠤᠯ ᠦᠭᠡᠢ ᠠᠭᠤᠰᠤᠯᠴᠠᠭᠰᠠᠨ ᠣᠨᠴᠠᠯᠢᠭ ᠪᠦᠬᠦᠢ᠂ ᠪᠦᠷᠢᠨ ᠪᠦᠲᠦᠨ ᠴᠢᠨᠠᠷ᠂ ᠲᠡᠷᠢᠭᠦᠨ ᠤ ᠴᠢᠨᠠᠷ᠂ ᠠᠮᠤᠷ ᠲᠦᠪᠰᠢᠨ ᠴᠢᠨᠠᠷ ᠤᠨ ᠱᠠᠭᠠᠷᠳᠠᠯᠭ᠎ᠠ ᠳᠤ ᠨᠡᠶᠢᠴᠡᠬᠦ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠦᠭᠦ ᠲᠠᠯ᠎ᠠ ᠪᠠᠷ ᠴᠣᠭᠴᠠᠯᠠᠨ ᠪᠠᠶᠢᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号