ᠦᠴᠦᠸᠠᠨ ᠰᠢᠶᠠᠨ ᠤ 2024 ᠣᠨ ᠤ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ︽ᠮᠠᠩᠬᠠᠨ ᠳᠠᠭᠤᠤ︾ ᠶᠢᠨ ᠰᠤᠳᠤᠯᠤᠨ ᠰᠤᠷᠤᠯᠴᠠᠬᠤ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/4/30
     ᠠᠷᠠᠳ ᠤᠯᠠᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ︽ᠮᠠᠩᠬᠠᠨ ᠳᠠᠭᠤᠤ︾ ᠶᠢᠨ ᠪᠠᠭ᠋ᠠᠷᠬᠠᠭᠴᠢᠳ ᠤᠨ ᠴᠢᠳᠠᠪᠤᠷᠢ ᠪᠣᠯᠣᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 29 ᠤ ᠡᠳᠦᠷ᠂ ᠦᠴᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ᠂ ᠰᠢᠶᠠᠨ ᠤ ᠰᠣᠶᠣᠯ ᠤᠨ ᠣᠷᠳᠣᠨ ᠠᠴᠠ ᠳᠠᠭᠠᠭᠠᠴᠢᠯᠠᠨ ᠡᠷᠭᠢᠯᠡᠭᠰᠡᠨ 2024 ᠣᠨ ᠤ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ︽ᠮᠠᠩᠬᠠᠨ ᠳᠠᠭᠤᠤ︾ ᠶᠢᠨ ᠰᠤᠳᠤᠯᠤᠨ ᠰᠤᠷᠤᠯᠴᠠᠬᠤ ᠪᠣᠯᠪᠠᠰᠤᠷᠠᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠶᠠᠪᠤᠭᠳᠠᠪᠠ᠃      ᠪᠣᠯᠪᠠᠰᠤᠷᠠᠯ ᠤᠨ ᠬᠤᠭᠤᠴᠠᠭ᠎ᠠ ᠨᠢ ᠬᠤᠶᠠᠷ ᠡᠳᠦᠷ᠂ ᠪᠣᠯᠪᠠᠰᠤᠷᠠᠭᠤᠯᠬᠤ ᠡᠲᠡᠭᠡᠳ ᠨᠢ ᠮᠠᠨ ᠤ ᠰᠢᠶᠠᠨ ᠤ ᠰᠢᠶᠠᠨ ᠤ ᠱᠠᠲᠤᠨ ᠤ ᠮᠠᠩᠬᠠᠨ ᠳᠠᠭᠤᠤ ᠶᠢᠨ ᠤᠯᠠᠮᠵᠢᠯᠠᠭᠴᠢ ᠪᠠ ᠮᠠᠩᠬᠠᠨ ᠳᠠᠭᠤᠤ ᠳᠤ ᠪᠠᠭ᠋ᠠᠲᠠᠢ ᠬᠥᠮᠥᠨ ᠨᠡᠶᠢᠲᠡ 35 ᠬᠥᠮᠥᠨ ᠪᠠᠶᠢᠵᠤ᠂ ᠤᠯᠤᠰ ᠤᠨ ᠬᠤᠶᠠᠳᠤᠭᠠᠷ ᠳᠡᠰ ᠤᠨ ᠲᠣᠭᠯᠠᠭᠴᠢ᠂ ᠭᠦᠨ ᠵᠤᠵᠠᠭᠠᠨ ᠬᠢᠷᠢ ᠬᠡᠮ ᠲᠠᠢ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ᠂ ᠬᠥᠬᠡᠬᠤᠲᠠ ᠶᠢᠨ ᠲᠡᠦᠬᠡ ᠶᠢᠨ ᠰᠤᠳᠤᠯᠭᠠᠨ ᠤ ᠨᠡᠶᠢᠭᠡᠮᠯᠢᠭ ᠤᠨ ᠡᠷᠳᠡᠮᠲᠡᠨ ᠵᠡᠷᠭᠡ ᠤᠯᠠᠨ ᠲᠤᠰᠬᠠᠢ ᠮᠡᠷᠭᠡᠵᠢᠯᠲᠡᠨ ᠢ ᠤᠷᠢᠵᠤ ᠵᠢᠭᠠᠨ ᠰᠤᠷᠭᠠᠯᠲᠠ ᠶᠢ ᠬᠢᠯᠭᠡᠨ᠎ᠡ᠃ ᠠᠭᠤᠯᠭ᠎ᠠ ᠳᠤᠨᠢ ︽ᠮᠠᠩᠬᠠᠨ ᠳᠠᠭᠤᠤ︾ ᠶᠢᠨ ᠪᠦᠷᠢᠯᠳᠦᠯ ᠪᠠ ᠠᠷᠠᠳ ᠤᠨ ᠳᠤᠮᠳᠠᠬᠢ ᠰᠠᠭᠤᠷᠢ᠂ ᠮᠠᠩᠬᠠᠨ ᠳᠠᠭᠤᠤ ᠶᠢᠨ ᠬᠤᠶᠢᠲᠤ ᠠᠭᠤᠯᠠ ᠶᠢᠨ ᠣᠷᠣᠨ ᠳᠠᠬᠢ ᠬᠥᠭᠵᠢᠯᠲᠡ ᠶᠢᠨ ᠪᠠᠶᠢᠳᠠᠯ ᠪᠠ ᠬᠡᠲᠦ ᠶᠢᠨ ᠲᠥᠯᠥᠪ᠂ ᠮᠠᠩᠬᠠᠨ ᠳᠠᠭᠤᠤ ᠶᠢᠨ ᠳᠠᠭᠤᠤ ᠬᠥᠭᠵᠢᠮ ᠤᠨ ᠣᠨᠣᠯ ᠪᠠ ᠬᠠᠮᠠᠭᠠᠯᠠᠯᠲᠠ ᠤᠯᠠᠮᠵᠢᠯᠠᠯ᠂ ᠮᠠᠩᠬᠠᠨ ᠳᠠᠭᠤᠤ ᠶᠢᠨ ᠬᠥᠭ ᠠᠶᠠᠰ ᠤᠨ ᠬᠡᠪ ᠨᠠᠮᠪᠠ ᠪᠠ ᠳᠠᠭᠤᠯᠠᠬᠤ ᠣᠨᠴᠠᠯᠢᠭ᠂ ᠮᠠᠩᠬᠠᠨ ᠳᠠᠭᠤᠤ ᠶᠢᠨ ᠳᠠᠭᠤᠯᠠᠬᠤ ᠠᠶᠠᠯᠭᠤ ᠪᠠ ᠳᠠᠭᠤᠤ ᠬᠥᠭᠵᠢᠮ ᠤᠨ ᠦᠢᠯᠡᠳᠦᠯᠭᠡ ᠵᠡᠷᠭᠡ ᠣᠯᠠᠨ ᠬᠢᠴᠢᠶᠡᠯ ᠪᠠᠭᠲᠠᠨ᠎ᠠ᠃ ᠪᠣᠯᠪᠠᠰᠤᠷᠠᠯ ᠤᠨ ᠠᠭᠤᠯᠭ᠎ᠠ ᠡᠯᠪᠡᠭ ᠪᠠᠶᠠᠯᠢᠭ᠂ ᠣᠨᠣᠯ ᠤᠨ ᠵᠢᠯᠣᠭᠤᠳᠤᠯᠭ᠎ᠠ ᠪᠠᠶᠢᠬᠤ ᠮᠥᠷᠲᠡᠭᠡᠨ ᠪᠠᠰᠠ ᠲᠤᠬᠠᠶᠢᠯᠠᠭᠰᠠᠨ ᠠᠵᠢᠯ ᠤᠨ ᠮᠡᠳᠡᠯᠭᠡ ᠲᠠᠢ ᠪᠠᠶᠢᠵᠤ᠂ ᠮᠠᠰᠢ ᠴᠢᠩᠭ᠎ᠠ ᠣᠨᠣᠯ ᠤᠨ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠮᠠᠨ ᠤ ᠰᠢᠶᠠᠨ ᠤ ᠮᠠᠩᠬᠠᠨ ᠳᠠᠭᠤᠤ ᠶᠢᠨ ᠲᠥᠷᠥᠯ ᠵᠦᠢᠯ ᠤᠨ ᠬᠠᠮᠠᠭᠠᠯᠠᠯᠲᠠ ᠶᠢᠨ ᠠᠵᠢᠯ ᠤᠨ ᠡᠩᠨᠡᠭᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃      ᠲᠤᠰ ᠤᠳᠠᠭᠠᠨ ᠤ ᠪᠣᠯᠪᠠᠰᠤᠷᠠᠯ ᠳᠤ᠂ ︽ᠰᠠᠭᠤᠷᠢ ᠪᠠᠨ ᠪᠠᠲᠤᠳᠬᠠᠵᠤ᠂ ᠬᠠᠷᠠᠭ᠎ᠠ ᠪᠠᠨ ᠥᠷᠭᠡᠳᠬᠡᠵᠦ᠂ ᠡᠷᠳᠡᠮ ᠮᠡᠳᠡᠯᠭᠡ ᠪᠠᠨ ᠨᠡᠮᠡᠭᠳᠡᠭᠦᠯᠬᠦ︾ ᠶᠢ ᠪᠣᠳᠣᠯᠬᠢᠯᠠᠨ᠂ ᠦᠴᠦᠸᠠᠨ ᠰᠢᠶᠠᠨ ᠤ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ︽ᠮᠠᠩᠬᠠᠨ ᠳᠠᠭᠤᠤ︾ ᠶᠢ ᠤᠯᠠᠮᠵᠢᠯᠠᠨ ᠵᠠᠯᠭᠠᠮᠵᠢᠯᠠᠬᠤ ᠲᠣᠭᠯᠠᠯᠲᠠ ᠶᠢ ᠵᠢᠷᠤᠮᠵᠢᠭᠤᠯᠤᠨ ᠴᠢᠩᠭᠠᠳᠬᠠᠬᠤ ᠪᠠᠷ ᠭᠤᠣᠯ ᠰᠤᠷᠤᠯᠴᠠᠬᠤ ᠠᠭᠤᠯᠭ᠎ᠠ ᠪᠣᠯᠭᠠᠵᠤ᠂ ᠰᠢᠯᠢᠳᠡᠭ ᠤᠳᠬ᠎ᠠ ᠤᠷᠠᠯᠢᠭ ᠤᠨ ᠴᠢᠳᠠᠪᠤᠷᠢᠲᠠᠨ ᠢ ᠪᠦᠬᠦ ᠲᠠᠯ᠎ᠠ ᠪᠠᠷ ᠰᠢᠰᠲ᠋ᠧᠮ ᠲᠠᠢ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠡᠩ ᠰᠠᠶᠢᠲᠤᠷ ᠤᠯᠠᠮᠵᠢᠯᠠᠨ ᠬᠥᠭᠵᠢᠭᠦᠯᠵᠦ᠂ ᠦᠴᠦᠸᠠᠨ ᠰᠢᠶᠠᠨ ᠤ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ︽ᠮᠠᠩᠬᠠᠨ ᠳᠠᠭᠤᠤ︾ ᠶᠢ ᠤᠯᠠᠮᠵᠢᠯᠠᠨ ᠵᠠᠯᠭᠠᠮᠵᠢᠯᠠᠬᠤ ᠶᠢ ᠰᠢᠨ᠎ᠡ ᠨᠢᠭᠡᠨ ᠳᠡᠭᠲᠡᠷ ᠲᠤ ᠭᠠᠷᠭᠠᠨ᠎ᠠ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号