ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2024/4/30
     ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ ︿ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ﹀ ᠶᠢ ᠲᠦᠯᠬᠢᠨ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠳᠤ᠂ ᠠᠵᠤ ᠠᠬᠤᠶᠢᠯᠠᠯ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠪᠠᠷᠢᠮᠵᠢᠶ᠎ᠠ ᠪᠣᠯᠭᠠᠵᠤ᠂ ᠪᠣᠳᠠᠲᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠬᠦ ᠪᠠᠷ ᠠᠵᠢᠯ ᠤᠨ ᠬᠦᠴᠦᠯᠡᠬᠦ ᠴᠡᠭ ᠪᠣᠯᠭᠠᠬᠤ ᠶᠢ ᠪᠠᠷᠢᠮᠲᠠᠯᠠᠨ᠂ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠴᠢᠩᠭᠠᠳᠬᠠᠵᠤ᠂ ᠬᠥᠨᠳᠡᠯᠡᠨ ᠭᠤᠯᠳᠤ ᠴᠢᠭᠯᠡᠯ ᠢᠶᠠᠷ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠢᠨ ᠣᠶᠢᠯᠠᠭᠠᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ︾ ᠪᠣᠯ ᠥᠭᠡᠷᠡᠴᠢᠯᠡᠯᠲᠡ ᠶᠢᠨ ᠬᠠᠨᠳᠤᠰᠢ᠂ ᠬᠥᠭᠵᠢᠯᠲᠡ ᠶᠢᠨ ᠬᠡᠷᠡᠭᠴᠡᠭᠡ᠂ ᠠᠷᠠᠳ ᠤᠨ ᠬᠦᠰᠡᠯ ᠡᠷᠡᠮᠡᠯᠵᠡᠯ ᠪᠣᠯᠣᠨ᠎ᠠ᠃ ᠡᠨᠡ ᠵᠢᠯ ᠠᠴᠠ ᠨᠠᠰᠢ᠂ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ︾ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠭᠦᠨᠵᠡᠭᠡᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠬᠦᠷᠢᠶᠡᠨ ᠤ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠵᠤ᠂ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ︾ ᠶᠢ ᠠᠬᠢᠭᠤᠯᠪᠠ᠃
     ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠶᠢᠨ ᠲᠣᠭᠤᠷᠢᠨ ᠳᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠡᠭᠦᠷᠭᠡ ᠴᠢᠳᠠᠪᠤᠷᠢ ᠳᠤ ᠰᠠᠭᠤᠷᠢᠯᠠᠨ᠂ ︽ᠰᠠᠶᠢᠨ ᠮᠠᠭᠤ ᠶᠢ ᠦᠨᠡᠯᠡᠬᠦ︾ ᠦᠨᠡᠯᠡᠬᠦ ᠰᠢᠰᠲ᠋ᠧᠮ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠦᠭᠰᠡᠨ ᠰᠠᠭᠤᠷᠢᠨ ᠳᠡᠭᠡᠷ᠎ᠡ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠴᠣᠩᠬᠤ ᠶᠢ ᠪᠠᠶᠢᠭᠤᠯᠬᠤ ᠪᠠᠷ ᠭᠠᠷᠳᠠᠴᠠ ᠪᠣᠯᠭᠠᠵᠤ᠂ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ᠠᠵᠢᠯ ᠤᠨ ᠲᠣᠭᠲᠠᠴᠠ ᠶᠢ ᠢᠳᠡᠪᠬᠢᠲᠡᠢ ᠬᠡᠷᠡᠭᠵᠢᠭᠦᠯᠪᠡ᠃ ᠴᠣᠩᠬᠤ ᠨᠢ ᠪᠠᠭ᠎ᠠ ᠪᠣᠯᠪᠠᠴᠤ ᠠᠷᠠᠳ ᠤᠨ ᠠᠮᠢᠳᠤᠷᠠᠯ ᠳᠤ ᠰᠡᠳᠬᠢᠯ ᠲᠠᠯᠪᠢᠵᠤ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤ ᠪᠠ ︽ᠤᠴᠢᠷ ᠶᠠᠪᠤᠳᠠᠯ ᠢ ᠪᠦᠲᠦᠭᠡᠵᠦ ᠳᠡᠶᠢᠯᠬᠦ ᠦᠭᠡᠢ︾ ᠶᠢ ᠲᠤᠰᠬᠠᠬᠤ ᠴᠣᠩᠬᠤ ᠪᠠᠶᠢᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠣᠯᠠᠨ ᠲᠦᠮᠡᠨ ᠢ ᠬᠠᠨᠳᠤᠯᠭ᠎ᠠ ᠲᠠᠢ ᠪᠠᠷ ᠬᠠᠪᠰᠤᠷᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠬᠡᠪᠴᠢᠶᠡᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠳᠤ ᠲᠣᠬᠢᠶᠠᠯᠳᠤᠭᠰᠠᠨ ︽ᠬᠦᠴᠢᠷ ᠲᠦᠪᠡᠭ ᠲᠠᠢ ᠡᠮᠭᠡᠭ ᠭᠡᠮ︾ ᠢ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠤ ᠰᠠᠨᠠᠯ ᠪᠠ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠴᠣᠩᠬᠤᠨ ᠤ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠴᠢᠩᠭᠠᠷᠠᠭᠤᠯᠤᠨ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠦᠨᠡᠨᠴᠢ ᠢᠲᠡᠭᠡᠮᠵᠢ ᠶᠢᠨ ᠦᠢᠯᠡᠴᠢᠯᠡᠭᠡ ᠥᠷᠨᠢᠭᠦᠯᠬᠦ ᠶᠢ ᠰᠢᠮᠳᠠᠭᠤᠯᠤᠨ ᠵᠢᠯᠣᠭᠤᠳᠪᠠ᠃      ᠲᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠥᠭᠡᠷᠡᠴᠢᠯᠡᠯᠲᠡ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠠᠵᠤ ᠠᠬᠤᠶᠢᠯᠠᠯ᠂ ᠣᠯᠠᠨ ᠲᠦᠮᠡᠨ ᠤ ᠬᠠᠨᠤᠮᠵᠢᠲᠠᠶ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠢᠯᠡᠴᠢᠯᠡᠭᠡ ᠪᠦᠷᠢᠨ ᠭᠦᠢᠴᠡᠳ᠂ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号