ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/30
     ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠡᠮᠡᠭᠲᠡᠶᠢᠴᠦᠳ ᠢ ᠬᠥᠲᠥᠯᠥᠨ ᠳᠠᠭᠠᠭᠤᠯᠵᠤ ᠪᠠᠶᠢᠭᠠᠳ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠣᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠥᠯᠥᠭᠡ᠂ ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠶᠢ ᠴᠢᠩᠭᠠᠳᠬᠠᠬᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠡᠮᠡᠭᠲᠡᠢ ᠰᠠᠶᠢᠨ ᠳᠤᠷ᠎ᠠ ᠶᠢᠨ ᠠᠵᠢᠯᠯᠠᠭᠴᠢᠳ ᠰᠢᠨ᠎ᠡ ᠶᠢᠷᠲᠢᠨᠴᠦ ᠠᠭᠤᠳᠠᠮ ᠲᠠᠯᠠᠪᠠᠶ ᠳᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠮᠡᠭᠲᠡᠢ ᠣᠯᠠᠨ ᠲᠦᠮᠡᠨ ᠳᠤ ᠨᠠᠮ ᠪᠠ ᠤᠯᠤᠰ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠣᠶᠢᠯᠠᠭᠠᠭᠤᠯᠤᠨ ᠡᠵᠡᠮᠰᠢᠭᠦᠯᠵᠦ᠂ ᠳᠤᠮᠳᠠᠳᠤ ᠶᠢᠨ ᠦᠨᠳᠦᠰᠦᠲᠡᠨ ᠢ ᠮᠡᠳᠡᠷᠡᠬᠦ ᠰᠡᠳᠬᠢᠯᠭᠡ ᠪᠠ ᠣᠮᠣᠭᠰᠢᠯ ᠢ ᠨᠢ ᠨᠡᠮᠡᠭᠳᠡᠭᠦᠯᠪᠡ᠃
     ᠲᠠᠷᠠᠭᠠᠴᠢ ᠶᠢᠨ ᠠᠯᠬᠤᠮ ᠳᠤ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠦᠷᠭᠦᠯᠵᠢᠯᠡᠨ ︽ᠠᠨᠠᠷ ᠤᠨ ᠴᠡᠴᠡᠭ ᠳᠡᠯᠭᠡᠷᠡᠬᠦ︾ ᠪᠠᠭ᠎ᠠ ᠠᠩᠭᠢ ᠶᠢᠨ ᠬᠢᠴᠢᠶᠡᠯ᠂ ︽ᠠᠷᠪᠠ ᠵᠠᠭᠤ ᠮᠢᠩᠭ᠎ᠠ ᠲᠦᠮᠡᠨ︾ ᠤᠮᠠᠷᠠᠲᠤ ᠬᠢᠯᠢ ᠶᠢᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠡᠮᠡᠭᠲᠡᠶᠢᠴᠦᠳ ᠤᠨ ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠶᠠᠪᠤᠳᠠᠯ ᠢ ᠤᠯᠠᠮ ᠨᠢᠭᠡ ᠠᠯᠬᠤᠮ ᠬᠥᠲᠥᠯᠥᠨ ᠳᠠᠭᠠᠭᠤᠯᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠣᠯᠠᠨ ᠲᠦᠮᠡᠨ ᠤ ᠪᠦᠯᠬᠦᠮᠳᠡᠯ ᠲᠠᠢ ᠨᠥᠬᠦᠷᠰᠡᠭ᠂ ᠬᠠᠮᠲᠤ ᠪᠠᠷ ᠳᠠᠪᠰᠢᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号