ᠦᠴᠦᠸᠠᠨ ᠰᠢᠶᠠᠨ ᠤ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/4/30
     4 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠭᠰᠡᠨ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠤᠯᠠᠭᠠᠨᠮᠥ᠋ᠴᠢᠷ ᠤᠨ ᠳᠠᠭᠠᠭᠠᠴᠢᠯᠠᠨ ᠡᠷᠭᠢᠯᠡᠭᠰᠡᠨ ᠦᠴᠦᠸᠠᠨ ᠰᠢᠶᠠᠨ ᠤ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ᠃      ᠶᠣᠰᠣᠯᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠳ᠋ᠦᠩ ᠨᠤᠸᠠᠨ ᠪᠠᠶᠠᠷ ᠤᠨ ᠦᠭᠡ ᠬᠡᠯᠡᠵᠦ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠤᠬᠠᠭᠤᠯᠭ᠎ᠠ ᠶᠢᠨ ᠰᠠᠷ᠎ᠠ᠂ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠬᠠᠮᠰᠠᠷᠲᠤ ᠴᠢᠨᠠᠷ᠂ ᠡᠷᠡᠰ ᠪᠠᠲᠤ ᠴᠢᠨᠠᠷ ᠢᠶᠠᠨ ᠦᠨᠡᠨᠬᠦ ᠴᠢᠩᠭᠠᠳᠬᠠᠵᠤ᠂ ᠪᠦᠬᠦ ᠰᠢᠶᠠᠨ ᠤ ᠦᠨᠳᠦᠰᠦᠲᠡᠨ ᠤ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠬᠤ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠦ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠵᠦ ᠠᠤᠭ᠎ᠠ ᠶᠡᠭᠡ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠡᠢ᠃      ᠶᠣᠰᠣᠯᠠᠯ ᠤᠨ ᠳᠠᠷᠠᠭ᠎ᠠ᠂ ᠠᠵᠢᠯᠲᠠᠳ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ᠵᠡᠷᠭᠡ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠰᠢᠶᠠᠨ ᠤ ᠤᠯᠠᠭᠠᠨᠮᠥ᠋ᠴᠢᠷ ᠠᠴᠠ ᠲᠤᠬᠠᠢ ᠶᠢᠨ ᠲᠠᠯᠠᠪᠤᠷ ᠤᠨ ᠣᠯᠠᠨ ᠲᠦᠮᠡᠨ ᠳᠤ ᠭᠤᠣᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠭᠠᠷᠭᠠᠪᠠ᠃      ᠣᠶᠢᠯᠠᠭᠠᠭᠰᠠᠨ ᠢᠶᠠᠷ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠬᠤᠭᠤᠴᠠᠭᠠᠨ ᠳᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠣᠯᠠᠨ ᠬᠡᠯᠪᠡᠷᠢ ᠶᠢᠨ ᠠᠵᠢᠯᠯᠠᠭ᠎ᠠ ᠪᠠᠷ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠪᠥᠬᠦ ᠲᠠᠯ᠎ᠠ ᠪᠠᠷ᠂ ᠪᠥᠬᠦ ᠬᠦᠷᠢᠶ᠎ᠡ ᠬᠡᠪᠴᠢᠶ᠎ᠡ ᠪᠠᠷ᠂ ᠨᠡᠶᠢᠳᠡᠮ ᠪᠦᠷᠬᠦᠭᠦᠯᠦᠨ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号