ᠦᠴᠦᠸᠠᠨ ᠰᠢᠶᠠᠨ ᠤ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/4/30
     4 ᠰᠠᠷ᠎ᠠ ᠶᠢᠨ 28 ᠠᠴᠠ 29 ᠤ ᠡᠳᠦᠷ ᠪᠣᠯᠲᠠᠯ᠎ᠠ᠂ ᠦᠴᠦᠸᠠᠨ ᠰᠢᠶᠠᠨ ᠤ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠤᠷᠢᠳᠠᠪᠠᠷ ᠰᠤᠷᠤᠯᠴᠠᠵᠦ ᠤᠷᠢᠳᠠᠪᠠᠷ ᠬᠡᠷᠡᠭᠵᠢᠭᠦᠯᠬᠦ ᠪᠠᠷ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾  ᠢ ᠨᠠᠷᠢᠨ ᠬᠢᠨᠠᠮᠠᠭᠠᠢ ᠰᠤᠷᠤᠯᠴᠠᠬᠤ ᠶᠢ ᠵᠢᠱᠢᠶ᠎ᠡ ᠦᠵᠡᠭᠦᠯᠦᠨ ᠲᠠᠶᠢᠴᠢᠯᠠᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠰᠤᠷᠴᠤ ᠮᠡᠳᠡᠵᠦ ᠣᠶᠢᠯᠭᠠᠨ ᠰᠠᠬᠢᠬᠤ ᠶᠢ ᠪᠡᠶᠡᠯᠡᠭᠦᠯᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠨᠣᠮ ᠤᠩᠰᠢᠬᠤ ᠠᠩᠭᠢ ᠶᠢ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠷ ᠢᠶᠠᠨ ᠰᠤᠷᠤᠯᠴᠠᠬᠤ᠂ ᠲᠤᠰᠬᠠᠢ ᠰᠡᠳᠦᠪ ᠢᠶᠠᠷ ᠲᠠᠶᠢᠯᠤᠮᠵᠢ ᠬᠢᠬᠦ᠂ ᠰᠣᠯᠢᠯᠴᠠᠵᠤ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠡᠷᠡᠭ ᠰᠢᠭᠦᠬᠦ ᠲᠠᠰᠤᠭ ᠤᠨ ᠳᠡᠳ᠋ ᠡᠷᠬᠢᠯᠡᠭᠴᠢ ᠵᠧᠩ ᠴᠧᠨ ᠬᠤᠷᠠᠯ ᠳᠤ ᠣᠷᠣᠯᠴᠠᠭᠰᠠᠨ ᠨᠥᠬᠦᠳ ᠲᠤ ᠲᠤᠰᠬᠠᠢ ᠰᠡᠳᠦᠪᠲᠦ ᠵᠢᠯᠣᠭᠤᠳᠤᠯᠭ᠎ᠠ ᠬᠢᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠤᠨ ᠣᠨᠴᠠᠯᠢᠭ᠂ ᠠᠭᠤᠯᠭ᠎ᠠ ᠵᠡᠷᠭᠡ ᠲᠠᠯ᠎ᠠ ᠪᠠᠷ ᠭᠦᠨᠵᠡᠭᠡᠢ ᠲᠠᠶᠢᠯᠤᠮᠵᠢ ᠬᠢᠪᠡ᠃ ᠤᠯᠠᠨ ᠢᠶᠠᠷ ᠢᠶᠠᠨ ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠵᠤ᠂ ︽ᠳᠦᠷᠢᠮ︾ ᠢ ᠲᠡᠷᠡ ᠬᠡᠪ ᠢᠶᠠᠷ᠂ ᠪᠦᠯᠦᠭ ᠳᠠᠷᠠᠭᠠᠯᠠᠨ ᠰᠤᠷᠤᠯᠴᠠᠵᠤ᠂ ᠨᠠᠮ ᠤᠨ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠲᠣᠭᠤᠷᠢᠨ ᠳᠤ ᠲᠤᠰ ᠪᠡᠶ᠎ᠡ ᠶᠢᠨ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠣᠯᠢᠯᠴᠠᠵᠤ᠂ ᠰᠢᠶᠧ ᠴᠢᠦᠢ ᠫᠢᠩ᠂ ᠶᠢᠨ ᠱᠤᠤ ᠯᠢᠨ᠂ ᠵᠤᠤ ᠸᠧᠢ᠂ ᠬᠦᠢ ᠭᠦᠸᠧ ᠰᠢᠨ᠂ ᠤᠳ᠋ᠸ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃      ᠬᠤᠷᠠᠯ ᠠᠴᠠ᠂ ᠬᠤᠪᠢᠰᠬᠠᠯ ᠤᠨ ᠬᠦᠰᠡᠯᠡᠩ ᠪᠠ ᠲᠡᠮᠦᠷ ᠮᠡᠲᠦ ᠬᠠᠲᠠᠭᠤ ᠰᠠᠬᠢᠯᠭ᠎ᠠ ᠪᠠᠲᠤ ᠪᠠᠷ ᠵᠣᠬᠢᠶᠠᠨ ᠪᠠᠶᠢᠭᠤᠯᠤᠭᠳᠠᠭᠰᠠᠨ ᠮᠠᠷᠺᠰ ᠤᠨ ᠦᠵᠡᠯ ᠤᠨ ᠲᠦᠷᠦ ᠶᠢᠨ ᠨᠠᠮ ᠪᠣᠯᠤᠭᠰᠠᠨ ᠤ ᠬᠤᠪᠢ ᠳᠤ᠂ ᠰᠠᠬᠢᠯᠭ᠎ᠠ ᠪᠠᠲᠤ ᠴᠢᠩᠭ᠎ᠠ ᠪᠠᠶᠢᠬᠤ ᠪᠣᠯ ᠨᠠᠮ ᠤᠨ ᠰᠢᠯᠢᠳᠡᠭ ᠤᠯᠠᠮᠵᠢᠯᠠᠯ ᠪᠠ ᠥᠪᠡᠷᠮᠢᠴᠡ ᠳᠠᠪᠠᠭᠤᠯᠢᠭ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠨᠠᠮ ᠪᠣᠯᠣᠨ ᠤᠯᠤᠰ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠵᠠᠢ᠃ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠴᠢᠩᠭ᠎ᠠ ᠳᠠᠭᠠᠵᠤ᠂ ᠤᠬᠠᠮᠰᠠᠷ ᠠᠴᠠ ᠪᠠᠨ ᠬᠥᠮᠦᠵᠢᠯ ᠬᠦᠷᠲᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠭᠡᠬᠦ ᠡᠨᠡᠬᠦ ᠰᠤᠷᠤᠯᠴᠠᠯᠭ᠎ᠠ ᠶᠢᠨ ᠭᠤᠣᠯᠳᠠᠯᠭ᠎ᠠ ᠶᠢ ᠴᠢᠩᠭ᠎ᠠ ᠠᠳᠬᠤᠵᠤ᠂ ᠪᠦᠯᠦᠭ ᠳᠠᠷᠠᠭᠠᠯᠠᠨ ᠭᠦᠨᠵᠡᠭᠡᠢ ᠰᠤᠳᠤᠯᠤᠨ ᠨᠠᠷᠢᠨ ᠤᠩᠰᠢᠵᠤ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠣᠯᠣᠨ ᠲᠣᠭᠲᠠᠭᠠᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠰᠠᠶᠢᠲᠤᠷ ᠡᠵᠡᠮᠳᠡᠵᠦ᠂ ᠰᠠᠶᠢᠲᠤᠷ ᠵᠢᠷᠤᠮᠯᠠᠬᠤ ᠬᠡᠷᠡᠭᠲᠡᠢ᠃ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠬᠤᠪᠢ ᠬᠥᠮᠥᠨ ᠤ ᠪᠣᠳᠠᠲᠠᠢ ᠪᠠᠶᠢᠳᠠᠯ ᠠᠴᠠ ᠪᠠᠨ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠠᠳᠬᠤᠵᠤ᠂ ᠡᠮᠢᠶᠡᠨ ᠲᠠᠲᠠᠭᠠᠯᠵᠠᠬᠤ᠂ ᠬᠠᠰᠢ ᠶᠠᠰᠢ ᠪᠠᠷ ᠠᠷᠭᠠᠴᠠᠭᠠᠬᠤ᠂ ᠠᠵᠢᠯ ᠶᠠᠪᠤᠳᠠᠯ ᠰᠢᠢᠳᠪᠦᠷᠢᠯᠡᠬᠦ ᠳᠤ ᠬᠤᠶᠢᠷᠭᠤᠰᠢᠬᠤ ᠵᠡᠷᠭᠡ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠤᠳᠠᠭᠠᠨ ᠬᠢᠬᠦ ᠵᠡᠷᠭᠡ ᠠᠰᠠᠭᠤᠳᠠᠯ ᠢ ᠦᠷᠭᠦᠯᠵᠢᠯᠡᠨ ᠬᠦᠴᠦᠯᠡᠨ ᠰᠢᠢᠳᠪᠦᠷᠢᠯᠡᠵᠦ᠂ ᠴᠢᠩᠭ᠎ᠠ ᠲᠣᠳᠣᠷᠬᠠᠢ ᠰᠠᠬᠢᠯᠭ᠎ᠠ ᠪᠠᠲᠤ᠂ ᠰᠠᠶᠢᠨ ᠰᠠᠶᠢᠬᠠᠨ ᠰᠤᠷᠲᠠᠯ ᠢᠶᠠᠷ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠪᠣᠯᠣᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠲᠡᠷᠡ ᠶᠤᠰᠤᠭᠠᠷ ᠨᠢ ᠦᠴᠦᠬᠡᠨ ᠴᠦ ᠤᠰᠤᠯᠳᠤᠯ ᠦᠭᠡᠢ ᠵᠢᠷᠤᠮᠯᠠᠨ ᠰᠠᠬᠢᠵᠤ᠂ ᠵᠢᠭᠠᠬᠠᠨ ᠮᠠᠭᠤ ᠶᠠᠪᠤᠳᠠᠯ ᠢ ᠴᠦ ᠬᠢᠬᠦ ᠦᠭᠡᠢ᠂ ᠠᠵᠠ ᠵᠠᠪᠰᠢᠶᠠᠨ ᠢ ᠪᠤᠳᠤᠬᠤ ᠦᠭᠡᠢ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠬᠤᠪᠢᠷᠠᠭᠤᠯᠬᠤ ᠦᠭᠡᠢ ᠪᠠᠶᠢᠵᠤ᠂ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠵᠠᠯᠠᠷᠠᠭᠤᠯᠵᠤ᠂ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠵᠢᠷᠤᠮᠯᠠᠨ ᠪᠡᠶ᠎ᠡ ᠪᠠᠨ ᠵᠠᠰᠠᠵᠤ ᠠᠵᠢᠯ ᠬᠢᠬᠦ ᠳᠡᠭᠡᠳᠦ ᠬᠡᠮᠵᠢᠶᠡᠨ ᠤ ᠤᠬᠠᠮᠰᠠᠷ ᠲᠠᠢ ᠪᠣᠯᠭᠠᠬᠤ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠪᠠᠲᠤ ᠡᠭᠦᠷᠭᠡᠯᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠰᠠᠶᠢᠲᠤᠷ ᠠᠳᠬᠤᠵᠤ᠂ ᠰᠤᠷᠤᠯᠴᠠᠯᠭ᠎ᠠ ᠬᠥᠮᠦᠵᠢᠯ ᠢ ᠭᠤᠣᠯ ᠠᠵᠢᠯ ᠲᠠᠢ ᠨᠢᠭᠲᠠ ᠤᠶᠠᠯᠳᠤᠭᠤᠯᠵᠤ᠂ ︽ᠠᠵᠢᠯ ᠶᠠᠪᠤᠳᠠᠯ ᠢ ᠪᠦᠲᠦᠭᠡᠬᠦ︾ ᠲᠣᠭᠤᠷᠢᠨ ᠳᠤ ᠰᠡᠳᠬᠢᠨ ᠪᠣᠳᠣᠯᠬᠢᠯᠠᠵᠤ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ︽ᠰᠢᠢᠳᠪᠦᠷᠢᠯᠡᠬᠦ ᠰᠡᠳᠬᠢᠬᠦᠢ︾ ᠪᠠᠷ ᠪᠣᠭᠤᠮᠲᠠ ᠪᠠ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠪᠠᠷ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ︵ᠰᠤᠷᠪᠤᠯᠵᠢᠯᠠᠭᠴᠢ᠄ ᠯᠢᠦᠢ ᠫᠢᠩ ᠫᠢᠩ ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号