ᠭᠦᠭᠡᠬᠤᠲᠠ ᠶᠢᠨ ᠲᠡᠮᠦᠷ ᠵᠠᠮ ᠤᠨ ᠲᠣᠪᠴᠢᠶ᠎ᠠ ᠵᠢᠭᠤᠯᠴᠢᠯᠠᠯ ᠤᠨ ᠠᠵᠤ ᠠᠬᠤᠶᠢᠯᠠᠯ ᠯᠤᠭ᠎ᠠ ︽ᠲᠡᠮᠦᠷ ᠵᠠᠮ | + ᠵᠢᠭᠤᠯᠴᠢᠯᠠᠯ︾ ᠤᠨ ᠬᠠᠮᠲᠤᠷᠠᠯᠴᠠᠭ᠎ᠠ ᠥᠷᠨᠢᠭᠦᠯᠦᠨ ︽ᠲᠠᠯ᠎ᠠ ᠨᠤᠲᠤᠭ ᠤᠨ ᠣᠳᠣᠨ︾ ᠵᠢᠭᠤᠯᠴᠢᠯᠠᠯ ᠤᠨ ᠲᠤᠰᠬᠠᠢ | ᠭᠠᠯᠲᠤ ᠲᠡᠷᠭᠡ ᠶᠢ ᠨᠠᠪᠲᠠᠷᠡᠭᠦᠯᠵᠦ᠂ ᠵᠢᠭᠤᠯᠴᠢᠯᠠᠯ ᠤᠨ ᠵᠠᠮ ᠱᠤᠭᠤᠮ ᠢ ᠰᠢᠯᠢᠳᠡᠭᠵᠢᠭᠦᠯᠦᠨ ᠣᠨᠴᠠᠯᠢᠭᠲᠤ | ᠦᠢᠯᠡᠴᠢᠯᠡᠭᠡ ᠭᠠᠷᠭᠠᠵᠤ᠂ ᠣᠯᠠᠨ ᠲᠦᠮᠡᠨ ᠤ ᠤᠯᠠᠨ ᠶᠠᠩᠵᠤᠴᠢᠯᠠᠭᠰᠠᠨ ᠵᠢᠭᠤᠯᠴᠢᠯᠠᠯ ᠤᠨ ᠬᠡᠷᠡᠭᠴᠡᠭᠡ ᠶᠢ | ᠬᠦᠴᠦᠯᠡᠨ ᠬᠠᠩᠭᠠᠵᠤ ᠪᠠᠶᠢᠨ᠎ᠠ᠃ | ᠮᠠᠨ ᠤ ᠣᠷᠣᠨ 4 ᠰᠠᠷ᠎ᠠ ᠶᠢᠨ 13 ᠠᠴᠠ ︽ᠲᠠᠯ᠎ᠠ ᠨᠤᠲᠤᠭ ᠤᠨ ᠣᠳᠣᠨ︾ ᠵᠢᠭᠤᠯᠴᠢᠯᠠᠯ ᠤᠨ ᠲᠤᠰᠬᠠᠢ | ᠭᠠᠯᠲᠤ ᠲᠡᠷᠭᠡ ᠶᠢ ᠨᠡᠪᠲᠡᠷᠡᠭᠦᠯᠦᠭᠰᠡᠨ ᠠᠴᠠ ᠨᠠᠭᠠᠰᠢ ᠨᠢᠭᠡᠨᠲᠡ 4 ᠵᠤᠷᠪᠤᠰ ᠰᠣᠳᠣᠨ ᠵᠢᠭᠤᠯᠴᠢᠯᠠᠯ ᠤᠨ ᠵᠠᠮ | ᠱᠤᠭᠤᠮ ᠢᠶᠠᠷ ᠠᠶᠠᠯᠠᠵᠤ᠂ ᠥᠷᠭᠡᠨ ᠤᠯᠠᠨ ᠵᠢᠭᠤᠯᠴᠢᠯᠠᠬᠰᠠᠳ ᠤᠨ ᠲᠠᠭᠠᠰᠢᠶᠠᠯ ᠢ ᠭᠦᠷᠳᠡᠪᠡ᠃ ᠵᠢᠭᠤᠯᠴᠢᠯᠠᠯ ᠤᠨ | ᠲᠤᠰᠬᠠᠢ ᠭᠠᠯᠲᠤ ᠲᠡᠷᠭᠡ ᠡᠨᠡ ᠬᠦ ᠵᠢᠭᠤᠯᠴᠢᠯᠠᠯ ᠤᠨ ᠠᠷᠭ᠎ᠠ ᠭᠡᠯᠪᠡᠷᠢ ᠨᠢ ᠡᠳᠦᠷ ᠵᠢᠭᠤᠯᠴᠢᠯᠠᠨ ᠰᠥᠨᠢ ᠠᠶᠠᠯᠠᠵᠤ᠂ | ᠲᠡᠷᠭᠡᠨ ᠳᠣᠲᠣᠷᠠᠬᠢ ᠠᠵᠢᠯᠯᠠᠭ᠎ᠠ ᠡᠯᠪᠡᠭ ᠪᠠᠶᠠᠯᠢᠭ᠂ ᠦᠵᠡᠮᠵᠢ ᠶᠢᠨ ᠣᠷᠣᠨ ᠤ ᠪᠦᠷᠬᠦᠴᠡ ᠣᠯᠠᠨ᠂ ᠵᠢᠭᠤᠯᠴᠢᠯᠠᠯ | ᠤᠨ ᠦᠷ᠎ᠡ ᠪᠦᠲᠦᠮᠵᠢ ᠥᠨᠳᠥᠷ᠂ ᠠᠷᠰᠠᠷ ᠶᠠᠪᠤᠳᠠᠯ ᠴᠥᠭᠡᠨ ᠪᠠᠶᠢᠳᠠᠭ ᠳᠠᠪᠠᠭᠤᠯᠢᠭ ᠲᠠᠢ ᠪᠥᠭᠡᠳ ᠪᠠᠰᠠ ᠲᠡᠷᠭᠡ | ᠳᠠᠭᠠᠬᠰᠠᠨ ᠡᠮᠴᠢ ᠲᠣᠬᠢᠷᠠᠭᠤᠯᠤᠨ ᠡᠮᠴᠢᠯᠡᠭᠡᠨ ᠤ ᠪᠠᠲᠤᠯᠠᠭ᠎ᠠ ᠬᠠᠩᠭᠠᠵᠤ᠂ ᠭᠡᠷ ᠪᠦᠯᠢ ᠪᠠ ᠨᠠᠰᠤᠲᠠᠶᠢᠴᠤᠳ ᠤᠨ | ᠵᠢᠭᠤᠯᠴᠢᠯᠠᠯ ᠳᠤ ᠨᠡᠩ ᠲᠣᠬᠢᠷᠠᠨ᠎ᠠ᠃ ᠣᠶᠢᠯᠠᠭᠠᠭᠰᠠᠨ ᠢᠶᠠᠷ᠂ ᠭᠦᠭᠡᠬᠤᠲᠠ ᠶᠢᠨ ᠲᠡᠮᠦᠷ ᠵᠠᠮ ᠤᠨ ᠲᠣᠪᠴᠢᠶ᠎ᠠ 5 | ᠰᠠᠷ᠎ᠠ ᠶᠢᠨ 18 ᠪᠠ 29 ᠤ ᠡᠳᠦᠷ ᠬᠠᠷᠪᠢᠨ᠂ ᠣᠷᠣᠰ᠂ ᠮᠦᠸᠧ ᠾᠧ ᠵᠡᠷᠭᠡ ᠭᠠᠵᠠᠷ ᠲᠤ ᠬᠦᠷᠬᠦ ︽ᠲᠠᠯ᠎ᠠ ᠨᠤᠲᠤᠭ | ᠤᠨ ᠣᠳᠣᠨ︾ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ 2 ᠡᠭᠡᠯᠵᠢ ᠶᠠᠪᠤᠭᠤᠯᠵᠤ᠂ 6 ᠰᠠᠷ᠎ᠠ ᠳᠤ ᠰᠢᠨᠵᠢᠶᠠᠩ | ᠤᠨ ᠲᠡᠭᠷᠢ ᠠᠭᠤᠯᠠ᠂ ᠲᠦᠷᠫᠠᠨ ᠤ ᠣᠨᠴᠠᠯᠢᠭᠲᠤ ᠵᠢᠭᠤᠯᠴᠢᠯᠠᠯ᠂ 7 ᠰᠠᠷ᠎ᠠ ᠳᠤ ᠷᠠᠰᠢᠶᠠᠨ᠂ ᠲᠠᠯ᠎ᠠ ᠨᠤᠲᠤᠭ ᠤᠨ ᠵᠤᠨ | ᠤ ᠤᠯᠠᠷᠢᠯ ᠤᠨ ᠵᠢᠭᠤᠯᠴᠢᠯᠠᠯ ᠵᠡᠷᠭᠡ ᠣᠨᠴᠠᠯᠢᠭᠲᠤ ᠲᠤᠰᠬᠠᠢ ᠭᠠᠯᠲᠤ ᠲᠡᠷᠭᠡᠨ ᠤ ᠵᠢᠭᠤᠯᠴᠢᠯᠠᠯ ᠤᠨ ᠱᠤᠭᠤᠮ | ᠭᠠᠷᠭᠠᠵᠤ᠂ ᠵᠢᠭᠤᠯᠴᠢᠯᠠᠯ ᠤᠨ ᠬᠡᠷᠡᠭᠯᠡᠭᠡ ᠶᠢᠨ ᠰᠢᠨ᠎ᠡ ᠡᠵᠡᠩᠨᠡᠯᠲᠡ ᠶᠢᠨ ᠭᠡᠯᠪᠡᠷᠢ ᠶᠢ ᠪᠤᠶ ᠪᠤᠯᠭᠠᠬᠤ ᠳᠤ ᠬᠦᠴᠦᠨ | ᠨᠡᠮᠡᠷᠢᠯᠡᠬᠦ ᠪᠠᠷ ᠪᠤᠢ᠃ | | | |