︽ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠦᠷᠭᠦᠯᠵᠢᠯᠡᠨ  ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠎ ᠤᠨ  ᠲᠠᠶᠢᠯᠤᠮᠵᠢ
ᠨᠡᠶᠢᠲᠡᠯᠡᠭᠰᠡᠨ ᠴᠠᠭ᠄
2024/4/30
     ᠨᠢᠭᠡ᠂ ᠨᠡᠶᠢᠲᠡᠯᠡᠭᠰᠡᠨ ᠠᠬᠤᠢ ᠪᠠᠶᠢᠳᠠᠯ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠣᠬᠢᠷᠲᠤᠯ ᠦᠭᠡᠢ ᠠᠭᠤᠷᠬᠠᠢ ᠶᠢᠨ ᠦᠢᠯᠡᠰ ᠢ ᠬᠥᠭᠵᠢᠭᠦᠯᠬᠦ ᠪᠠ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠤᠷᠢᠳ ᠬᠤᠵᠢᠳ ᠤᠯᠤᠰ ᠤᠨ ︽13 · 5︾ ︽14 · 5︾᠎ ᠶᠢᠨ ᠬᠥᠲᠥᠯᠪᠦᠷᠢ ᠵᠢᠴᠢ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ  ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠴᠢᠬᠤᠯᠠ ᠪᠢᠴᠢᠭ ᠮᠠᠲ᠋ᠧᠷᠢᠶᠠᠯ ᠳᠤ ᠪᠢᠴᠢᠨ ᠣᠷᠣᠭᠤᠯᠪᠠ᠃ 2017 ᠣᠨ ᠤ 3 ᠳ᠋ᠤᠭᠠᠷ ᠰᠠᠷ᠎ᠠ ᠳᠤ᠂ ᠤᠤᠯ ᠤᠨ ᠤᠯᠤᠰ ᠤᠨ ᠨᠤᠲᠤᠭ ᠳᠡᠪᠢᠰᠬᠡᠷ ᠤᠨ ᠡᠬᠢ ᠪᠠᠶᠠᠯᠢᠭ ᠤᠨ ᠶᠠᠮᠤᠨ᠂ ᠡᠳ᠋ ᠤᠨ ᠵᠠᠰᠠᠭ ᠤᠨ ᠶᠠᠮᠤᠨ ᠵᠡᠷᠭᠡ 6 ᠶᠠᠮᠤᠨ ᠵᠥᠪᠯᠡᠯ ᠬᠠᠮᠲᠤᠷᠠᠨ ︽ᠪᠣᠬᠢᠷᠲᠤᠯ ᠦᠭᠡᠢ ᠠᠭᠤᠷᠬᠠᠢ ᠶᠢ ᠲᠦᠷᠭᠡᠪᠴᠢᠯᠡᠨ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠤᠯᠤᠰ ᠨᠤᠲᠤᠭ ᠡᠬᠢ ᠲᠣᠭᠲᠠᠭᠠᠯ ﹇2017﹈ 4 ᠳ᠋ᠦ᠋ᠭᠡᠷ ᠲᠣᠭᠠᠲᠤ︶᠎ ᠢ ᠳᠠᠷᠤᠮᠠᠯᠯᠠᠨ ᠲᠠᠷᠬᠠᠭᠠᠪᠠ᠃ 2020 ᠣᠨ ᠤ 11 ᠳ᠋ᠦ᠋ᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ︾ ︵ᠥᠪᠥᠷ ᠵᠠᠰᠠᠭ ᠲᠠᠷᠬᠠᠭᠠᠭᠰᠠᠨ ﹇2020﹈ 18 ᠳ᠋ᠤᠭᠠᠷ ᠲᠣᠭᠠᠲᠤ︶᠎ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠰᠢᠨ᠎ᠡ ᠪᠠᠷ ᠪᠠᠶᠢᠭᠤᠯᠬᠤ᠂ ᠦᠢᠯᠡᠳᠪᠦᠷᠢᠯᠡᠯ ᠤᠨ ᠠᠭᠤᠷᠬᠠᠢ ᠶᠢᠨ ᠪᠣᠬᠢᠷᠲᠤᠯ ᠦᠭᠡᠢ ᠪᠦᠲᠦᠭᠡᠨ ᠪᠠᠶᠢᠭᠤᠯᠤᠯᠲᠠ ᠶᠢ ᠡᠷᠴᠢᠮᠵᠢᠭᠦᠯᠬᠦ ᠬᠡᠷᠡᠭᠲᠡᠢ ᠭᠡᠵᠦ ᠱᠠᠭᠠᠷᠳᠠᠪᠠ᠃ 2024 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠤ ︽ᠪᠣᠬᠢᠷᠲᠤᠯ ᠦᠭᠡᠢ ᠠᠭᠤᠷᠬᠠᠢ ᠶᠢ ᠨᠡᠩ ᠣᠯᠠᠨ ᠪᠦᠲᠦᠭᠡᠨ ᠪᠠᠶᠢᠭᠤᠯᠬᠤ ᠬᠡᠷᠡᠭᠲᠡᠢ︾ ᠭᠡᠵᠦ ᠱᠠᠭᠠᠷᠳᠠᠪᠠ᠃ 2024 ᠣᠨ ᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠰᠢᠨ᠎ᠡ ᠵᠣᠷᠢᠭ ᠰᠠᠨᠠᠭ᠎ᠠ᠂ ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠪᠣᠬᠢᠷᠲᠤᠯ ᠦᠭᠡᠢ ᠠᠭᠤᠷᠬᠠᠢ ᠶᠢ ᠰᠢᠯᠢᠨ ᠰᠣᠩᠭᠤᠬᠤ ᠪᠠ ᠬᠢᠨᠠᠨ ᠬᠠᠮᠢᠶᠠᠷᠬᠤ ᠠᠵᠢᠯ ᠢ ᠨᠠᠩ ᠰᠠᠶᠢᠨ ᠥᠷᠨᠢᠭᠦᠯᠬᠦ ᠶᠢ ᠵᠢᠷᠤᠮᠵᠢᠭᠤᠯᠤᠨ ᠵᠢᠯᠤᠭᠤᠳᠬᠤ ᠶᠢᠨ ᠲᠥᠯᠥᠭᠡ ︽ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠦᠷᠭᠦᠯᠵᠢᠯᠡᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶᠎ ᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠦᠨᠡᠯᠡᠬᠦ ᠭᠦᠢᠴᠡᠳᠬᠡᠯ ᠲᠤᠭ᠎ᠠ᠂ ᠭᠤᠶᠤᠴᠢᠯᠠᠨ ᠮᠡᠳᠡᠭᠦᠯᠵᠦ ᠦᠨᠡᠯᠡᠨ ᠵᠢᠱᠢᠵᠦ ᠰᠢᠯᠢᠨ ᠰᠣᠩᠭᠤᠬᠤ ᠴᠤᠪᠤᠷᠠᠯ ᠪᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠤᠳᠤᠷᠢᠳᠬᠤ ᠬᠠᠷᠢᠭᠤᠴᠠᠯᠭ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠪᠠ᠃      ᠬᠤᠶᠠᠷ᠂ ᠭᠤᠣᠯ ᠠᠭᠤᠯᠭ᠎ᠠ      ︽ᠮᠡᠳᠡᠭᠳᠡᠯ︾᠎ ᠳᠤ 3 ᠬᠡᠰᠡᠭ ᠪᠠ 3 ᠳᠠᠭᠠᠯᠳᠤᠭᠤᠯᠤᠯ ᠪᠠᠭᠲᠠᠨ᠎ᠠ᠃      ᠨᠢᠭᠡᠳᠦᠭᠡᠷ ᠬᠡᠰᠡᠭ ᠲᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠬᠠᠷᠠᠯᠲᠠ ᠶᠢ ᠲᠣᠳᠣᠷᠬᠠᠶᠢᠯᠠᠵᠤ᠂ ᠡᠭᠦᠨ ᠳᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠲᠡᠭᠡᠳ᠂ ᠴᠠᠭ ᠤᠨ ᠬᠢᠵᠠᠭᠠᠷ ᠪᠠ ᠪᠣᠳᠠᠲᠠᠢ ᠱᠠᠭᠠᠷᠳᠠᠯᠭ᠎ᠠ ᠶᠢ ᠪᠠᠭᠲᠠᠭᠠᠨ᠎ᠠ︔      ᠬᠤᠶᠠᠳᠤᠭᠠᠷ ᠬᠡᠰᠡᠭ ᠨᠢ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠬᠤ ᠲᠤᠬᠠᠢ ᠪᠠᠶᠢᠵᠤ᠂ ᠡᠭᠦᠨ ᠳᠤ ᠪᠣᠬᠢᠷᠲᠤᠯ ᠦᠭᠡᠢ ᠠᠭᠤᠷᠬᠠᠢ ᠶᠢᠨ ᠠᠵᠢᠯ ᠲᠥᠷᠥᠯ ᠤᠨ ᠪᠠᠷᠢᠮᠵᠢᠶ᠎ᠠ ᠪᠠ ᠦᠨᠡᠯᠡᠬᠦ ᠭᠦᠢᠴᠡᠳᠬᠡᠯ ᠲᠤᠭ᠎ᠠ ᠶᠢ ᠪᠠᠶᠢᠭᠤᠯᠤᠨ ᠪᠦᠷᠢᠨᠰᠢᠭᠦᠯᠬᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠣᠨ ᠤ ᠬᠠᠷᠠᠯᠲᠠᠲᠤ ᠡᠭᠦᠷᠭᠡ ᠶᠢ ᠲᠣᠭᠲᠠᠭᠠᠬᠤ᠂ ᠪᠣᠬᠢᠷᠲᠤᠯ ᠦᠭᠡᠢ ᠠᠭᠤᠷᠬᠠᠢ ᠶᠢ ᠮᠡᠳᠡᠭᠦᠯᠵᠦ ᠰᠢᠯᠭᠠᠷᠠᠭᠤᠯᠬᠤ ᠴᠤᠪᠤᠷᠠᠯ ᠢ ᠴᠢᠩᠳᠠᠯᠠᠬᠤ᠂ ᠭᠤᠷᠪᠠᠳᠠᠭᠢ ᠡᠲᠡᠭᠡᠳ ᠦᠨᠡᠯᠡᠨ ᠵᠢᠱᠢᠬᠦ ᠬᠠᠮᠢᠶᠠᠷᠤᠯᠲᠠ ᠶᠢ ᠴᠢᠩᠭᠠᠳᠬᠠᠬᠤ᠂ ᠠᠭᠤᠷᠬᠠᠢ ᠶᠢᠨ ᠠᠵᠤ ᠠᠬᠤᠶᠢᠯᠠᠯ ᠤᠨ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠰᠢᠯᠢᠳᠡᠭ ᠢ ᠨᠢ ᠰᠣᠩᠭᠤᠵᠤ ᠤᠯᠤᠰ ᠤᠨ ᠲᠠᠰ ᠤᠨ ᠪᠣᠬᠢᠷᠲᠤᠯ ᠦᠭᠡᠢ ᠠᠭᠤᠷᠬᠠᠢ ᠳᠤ ᠲᠠᠨᠢᠯᠴᠠᠭᠤᠯᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠵᠡᠷᠭᠡ ᠶᠢ ᠪᠠᠭᠲᠠᠭᠠᠨ᠎ᠠ︔      ᠭᠤᠷᠪᠠᠳᠤᠭᠠᠷ ᠬᠡᠰᠡᠭ ᠨᠢ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠲᠤᠬᠠᠢ ᠪᠠᠶᠢᠵᠤ᠂ ᠡᠭᠦᠨ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠰᠢᠯᠭᠠᠨ ᠬᠢᠨᠠᠬᠤ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠶᠢ ᠪᠠᠭᠲᠠᠭᠠᠨ᠎ᠠ᠃      3 ᠳᠠᠭᠠᠯᠳᠤᠭᠤᠯᠤᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠦᠨᠡᠯᠡᠬᠦ ᠭᠦᠢᠴᠡᠳᠬᠡᠯ ᠲᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢ ᠭᠤᠶᠤᠴᠢᠯᠠᠨ ᠮᠡᠳᠡᠭᠦᠯᠬᠦ ᠦᠨᠡᠯᠡᠨ ᠵᠢᠱᠢᠬᠦ ᠰᠢᠯᠢᠨ ᠰᠣᠩᠭᠤᠬᠤ ᠠᠵᠢᠯ ᠤᠨ ᠴᠤᠪᠤᠷᠠᠯ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠭᠲᠠᠨ᠎ᠠ᠃      ᠭᠤᠷᠪᠠ᠂ ᠭᠤᠣᠯ ᠣᠨᠴᠠᠯᠢᠭ      ᠨᠢᠭᠡ ᠳᠤ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠠᠵᠤ ᠠᠬᠤᠶᠢᠯᠠᠯ ᠭᠤᠣᠯᠯᠠᠨ ᠪᠠᠶᠢᠭᠤᠯᠬᠤ᠂ ᠨᠡᠶᠢᠭᠡᠮ ᠳᠠᠶᠠᠭᠠᠷ ᠬᠢᠨᠠᠯᠲᠠ ᠲᠠᠯᠪᠢᠭᠰᠠᠨ ᠪᠣᠬᠢᠷᠲᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠲᠣᠭᠲᠠᠴᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠢᠶᠠᠷ ᠲᠦᠷᠦᠭᠦᠯᠡᠭᠦᠯᠦᠨ᠂ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ 14 ᠰᠠᠯᠠᠭ᠎ᠠ ᠮᠥᠴᠢᠷ ᠪᠠ ᠨᠢᠭᠡᠴᠢ ᠪᠠᠷ ᠪᠦᠷᠢᠯᠳᠦᠭᠰᠡᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢ ᠲᠣᠳᠣᠷᠬᠠᠢ ᠪᠠᠶᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠵᠦᠢᠯᠡᠰ ᠪᠠ ᠴᠢᠬᠤᠯᠠ ᠶᠡᠭᠡ ᠠᠰᠠᠭᠤᠳᠠᠯ ᠢ ᠬᠠᠮᠲᠤ ᠪᠠᠷ ᠰᠤᠳᠤᠯᠤᠨ ᠰᠢᠢᠳᠪᠦᠷᠢᠯᠡᠨ᠎ᠡ᠃      ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠣᠯᠠᠨ ᠵᠢᠯ ᠤᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠪᠣᠬᠢᠷᠲᠤᠯ ᠦᠭᠡᠢ ᠠᠭᠤᠷᠬᠠᠢ ᠶᠢ ᠭᠤᠶᠤᠴᠢᠯᠠᠨ ᠮᠡᠳᠡᠭᠦᠯᠵᠦ ᠰᠢᠯᠭᠠᠷᠠᠭᠤᠯᠬᠤ ᠴᠤᠪᠤᠷᠠᠯ ᠪᠠ ᠱᠠᠭᠠᠷᠳᠠᠯᠭ᠎ᠠ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠦᠷᠦᠭᠦᠯᠡᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ ᠬᠤᠯᠪᠤᠭᠠᠯᠠᠨ ᠬᠢᠨᠠᠨ ᠪᠠᠶᠢᠴᠠᠭᠠᠬᠤ ᠶᠢ ᠲᠣᠳᠣᠷᠬᠠᠢ ᠲᠣᠭᠲᠠᠭᠠᠵᠤ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠭᠤᠷᠪᠠᠳᠠᠭᠢ ᠡᠲᠡᠭᠡᠳ ᠤᠨ ᠦᠨᠡᠯᠡᠨ ᠵᠢᠱᠢᠯᠲᠡ ᠶᠢ ᠥᠷᠨᠢᠭᠦᠯᠦᠨ᠎ᠡ᠃      ᠭᠤᠷᠪᠠ ᠳᠤ᠂ ᠡᠯ᠎ᠡ ᠰᠠᠯᠠᠭ᠎ᠠ ᠮᠥᠴᠢᠷ ᠤᠳ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠠᠬᠢ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠭᠰᠠᠨ ᠤ ᠬᠠᠮᠲᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠦᠨᠡᠯᠡᠬᠦ ᠭᠦᠢᠴᠡᠳᠬᠡᠯ ᠲᠤᠭ᠎ᠠ︾᠎ ᠶᠢᠨ ᠡᠯ᠎ᠡ ᠵᠦᠢᠯ ᠤᠨ ᠭᠦᠢᠴᠡᠳᠬᠡᠯ ᠲᠤᠭ᠎ᠠ ᠳᠤ ᠬᠢᠨᠠᠯᠲᠠ ᠬᠠᠮᠢᠶᠠᠷᠤᠯᠲᠠ ᠬᠢᠬᠦ ᠰᠠᠯᠠᠭ᠎ᠠ ᠮᠥᠴᠢᠷ ᠤᠳ ᠢ ᠲᠣᠳᠣᠷᠬᠠᠶᠢᠯᠠᠵᠤ᠂ ᠪᠣᠬᠢᠷᠲᠤᠯ ᠦᠭᠡᠢ ᠠᠭᠤᠷᠬᠠᠢ ᠶᠢ ᠠᠩᠬ᠎ᠠ ᠬᠢᠨᠠᠬᠤ᠂ ᠬᠢᠨᠠᠨ ᠪᠠᠶᠢᠴᠠᠭᠠᠵᠤ ᠦᠨᠡᠯᠡᠨ ᠵᠢᠱᠢᠬᠦ᠂ ᠬᠠᠷᠭᠤᠭᠤᠯᠤᠨ ᠪᠠᠶᠢᠴᠠᠭᠠᠬᠤ ᠪᠠ ᠡᠳᠦᠷ ᠲᠤᠲᠤᠮ ᠬᠥᠳᠡᠯᠦᠩᠭᠦᠢ ᠬᠢᠨᠠᠨ ᠬᠠᠮᠢᠶᠠᠷᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠳᠤ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃      ᠳᠥᠷᠪᠡ ᠳᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠤᠨ ᠰᠠᠭᠤᠷᠢᠨ ᠳᠡᠭᠡᠷ᠎ᠡ ᠪᠣᠬᠢᠷᠲᠤᠯ ᠦᠭᠡᠢ ᠠᠭᠤᠷᠬᠠᠢ ᠳᠤ ᠬᠡᠷᠡᠭᠯᠡᠬᠦ ᠭᠠᠵᠠᠷ ᠠᠭᠤᠷᠬᠠᠢ ᠶᠢ ᠳᠡᠮᠵᠢᠬᠦ ᠪᠠ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠠᠯ᠎ᠠ ᠪᠠᠷ  ᠬᠢ ᠨᠠᠶᠢᠳᠠᠪᠤᠷᠢᠵᠢᠭᠤᠯᠵᠤ ᠪᠣᠯᠬᠤ᠂ ᠪᠣᠳᠠᠲᠠᠢ ᠬᠡᠷᠡᠭᠵᠢᠭᠦᠯᠬᠦ ᠴᠢᠨᠠᠷ ᠢᠶᠠᠷ ᠴᠢᠩᠭ᠎ᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠪᠠ᠃      ᠲᠠᠪᠤ ᠳᠤ᠂ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠳᠦᠨ ᠪᠠᠶᠢᠭᠤᠯᠬᠤ ᠶᠢ ᠥᠷᠨᠢᠭᠦᠯᠦᠭᠡᠳᠦᠢ ᠲᠣᠮᠣ ᠳᠤᠮᠳᠠ ᠬᠡᠯᠪᠡᠷᠢ ᠶᠢᠨ ᠠᠭᠤᠷᠬᠠᠢ ᠶᠢ ᠵᠢᠭᠠᠨ ᠵᠢᠯᠤᠭᠤᠳᠴᠤ ᠰᠢᠮᠳᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠠᠶᠢᠮᠠᠭ ᠬᠤᠲᠠ ᠶᠢᠨ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠣᠨ ᠤ ᠰᠢᠯᠭᠠᠨ ᠬᠢᠨᠠᠵᠤ ᠦᠨᠡᠯᠡᠬᠦ ᠲᠣᠭᠲᠠᠯᠴᠠᠭ᠎ᠠ ᠳᠤ ᠣᠷᠣᠭᠤᠯᠬᠤ ᠶᠢ ᠴᠢᠬᠤᠯᠠᠴᠢᠯᠠᠪᠠ᠃      ᠵᠢᠷᠭᠤᠭ᠎ᠠ ᠳᠤ᠂ ᠪᠣᠬᠢᠷᠲᠤᠯ ᠦᠭᠡᠢ ᠠᠭᠤᠷᠬᠠᠢ ᠶᠢᠨ ᠨᠡᠷᠡᠰ ᠤᠨ ᠲᠡᠮᠳᠡᠭᠯᠡᠯ ᠤᠨ ᠬᠥᠳᠡᠯᠦᠩᠭᠦᠢ ᠬᠠᠮᠢᠶᠠᠷᠤᠯᠲᠠ ᠶᠢᠨ ᠠᠭᠤᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ︽ᠵᠡᠭᠦᠯᠲᠡ ᠬᠠᠳᠠᠬᠤ᠂ ᠬᠤᠭᠤᠴᠠᠭ᠎ᠠ ᠲᠣᠭᠲᠠᠭᠠᠨ ᠴᠡᠭᠴᠡᠯᠡᠬᠦ᠂ ᠨᠡᠷᠡᠰ ᠤᠨ ᠵᠢᠭᠰᠠᠭᠠᠯᠲᠠ ᠠᠴᠠ ᠭᠠᠷᠭᠠᠬᠤ︾ ᠪᠠᠶᠢᠳᠠᠯ ᠢ ᠨᠡᠮᠡᠪᠡ᠃ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢ ᠦᠨᠡᠯᠡᠬᠦ ᠭᠦᠢᠴᠡᠳᠬᠡᠯ ᠲᠤᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠭᠤᠣᠯᠳᠠᠯᠭ᠎ᠠ ᠲᠠᠢ ᠭᠦᠢᠴᠡᠳᠬᠡᠯ ᠲᠤᠭ᠎ᠠ ᠶᠢ ᠳᠣᠪᠤᠶᠢᠯᠭᠠᠵᠤ᠂ ᠬᠠᠶᠢᠷ ᠴᠢᠯᠠᠭᠤ ᠰᠢᠷᠣᠢ ᠶᠢᠨ ᠲᠥᠷᠥᠯ ᠤᠨ ᠠᠭᠤᠷᠬᠠᠢ ᠳᠤ᠂ ᠲᠡᠭᠦᠨ ᠤ ᠦᠢᠯᠡᠳᠪᠦᠷᠢᠯᠡᠯ ᠤᠨ ᠪᠣᠳᠠᠲᠤ ᠪᠠᠶᠢᠳᠠᠯ ᠳᠤ ᠲᠣᠬᠢᠷᠠᠬᠤ ᠪᠣᠬᠢᠷᠲᠤᠯ ᠦᠭᠡᠢ ᠠᠭᠤᠷᠬᠠᠢ ᠶᠢ ᠦᠨᠡᠯᠡᠬᠦ ᠭᠦᠢᠴᠡᠳᠬᠡᠯ ᠲᠤᠭ᠎ᠠ ᠲᠣᠭᠲᠠᠭᠠᠵᠤ᠂ ᠭᠦᠢᠴᠡᠳᠬᠡᠯ ᠲᠤᠭ᠎ᠠ ᠶᠢᠨ ᠬᠡᠷᠡᠭᠯᠡᠬᠦ ᠳᠤ ᠵᠣᠬᠢᠷᠠᠬᠤ ᠴᠢᠨᠠᠷ ᠪᠠ ᠬᠡᠷᠡᠭᠵᠢᠭᠦᠯᠬᠦᠶᠢᠴᠡ ᠴᠢᠨᠠᠷ ᠢ ᠦᠨᠡᠬᠡᠷ ᠳᠡᠭᠡᠭᠰᠢᠯᠡᠭᠦᠯᠦᠨ᠂ ᠦᠨᠡᠯᠡᠬᠦ ᠭᠦᠢᠴᠡᠳᠬᠡᠯ ᠲᠤᠭ᠎ᠠ ᠶᠢ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠪᠠ ᠳᠡᠭᠡᠭᠰᠢᠯᠡᠭᠦᠯᠬᠦ ᠴᠢᠨᠠᠷᠲᠠᠢ ᠭᠦᠢᠴᠡᠳᠬᠡᠯ ᠲᠤᠭ᠎ᠠ ᠪᠣᠯᠭᠠᠨ ᠲᠣᠬᠢᠷᠠᠭᠤᠯᠵᠤ᠂ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠪᠠᠷ ᠬᠤᠷᠢᠭ᠎ᠠ ᠱᠤᠭᠤᠮ ᠤᠨ ᠱᠠᠭᠠᠷᠳᠠᠯᠭ᠎ᠠ ᠪᠣᠯᠭᠠᠪᠠ᠃      ᠳᠥᠷᠪᠡ᠂ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ      ︽ᠮᠡᠳᠡᠭᠳᠡᠯ︾᠎ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠣᠨ᠎ᠠ᠂ ︽ᠮᠡᠳᠡᠭᠳᠡᠯ︾᠎ ᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠨᠢᠭᠡᠨᠲᠡ ᠳᠠᠷᠤᠮᠠᠯᠯᠠᠨ ᠲᠠᠷᠬᠠᠭᠠᠭᠰᠠᠨ ᠪᠤᠰᠤᠳ ᠪᠢᠴᠢᠭ ᠮᠠᠲ᠋ᠧᠷᠢᠶᠠᠯ ᠨᠢ ᠲᠣᠰ ︽ᠮᠡᠳᠡᠭᠳᠡᠯ︾᠎ ᠤᠨ ᠲᠣᠭᠲᠠᠭᠠᠯ ᠯᠤᠭ᠎ᠠ ᠨᠢᠭᠡᠳᠦᠯ ᠦᠭᠡᠢ ᠪᠠᠶᠢᠪᠠᠯ᠂ ︽ᠮᠡᠳᠡᠭᠳᠡᠯ︾ ᠶᠣᠰᠣᠭᠠᠷ ᠬᠡᠷᠡᠭᠵᠢᠭᠦᠯᠦᠨ᠎ᠡ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号