4 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ | ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢ | ᠤᠷᠢᠵᠤ᠂ ᠡᠨᠡ ᠵᠢᠯ ᠤᠨ 3 ᠰᠠᠷ᠎ᠠ ᠶᠢᠨ 26 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠶᠢᠰᠦᠳᠦᠭᠡᠷ | ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ | ᠪᠠᠯᠭᠠᠰᠤ ᠶᠢᠨ ᠨᠣᠭᠤᠭᠠᠷᠠᠭᠤᠯᠤᠯᠲᠠ ᠶᠢᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠳᠤ | ᠲᠠᠶᠢᠯᠪᠤᠷᠢᠯᠠᠯᠲᠠ ᠬᠢᠬᠦ ᠶᠢᠨ ᠬᠠᠮᠲᠤ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠪᠠ᠃ | ᠲᠤᠰ ︽ᠳᠦᠷᠢᠮ︾ ᠨᠢ ᠶᠡᠷᠦᠩᠬᠡᠢ ᠳᠦᠷᠢᠮ᠂ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ᠂ | ᠬᠠᠮᠠᠭᠠᠯᠠᠯᠲᠠ ᠪᠠ ᠬᠠᠮᠢᠶᠠᠷᠤᠯᠲᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠪᠠ ᠳᠠᠭᠠᠯᠳᠤᠭᠤᠯᠤᠭᠰᠠᠨ ᠳᠦᠷᠢᠮ ᠵᠡᠷᠭᠡ | ᠲᠠᠪᠤᠨ ᠪᠦᠯᠦᠭ ᠤᠨ ᠲᠠᠪᠢ ᠶᠢᠰᠦᠨ ᠵᠤᠷᠪᠤᠰ ᠢᠶᠠᠷ ᠪᠦᠷᠢᠯᠳᠦᠪᠡ᠃ ︽ᠳᠦᠷᠢᠮ︾ ᠳᠤ᠂ ᠬᠤᠲᠠ ᠪᠠᠯᠭᠠᠰᠤ ᠶᠢᠨ | ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠨᠣᠭᠤᠭᠠᠨ ᠬᠥᠷᠥᠰᠥ ᠶᠢᠨ ᠰᠢᠰᠲ᠋ᠧᠮ ᠤᠨ | ᠲᠥᠯᠦᠪᠵᠢᠭᠦᠯᠭᠡ ᠶᠢ ᠴᠢᠩᠭ᠎ᠠ ᠵᠢᠷᠤᠮᠯᠠᠨ ᠪᠦᠲᠦᠭᠡᠨ ᠪᠠᠶᠢᠭᠤᠯᠵᠤ᠂ ᠪᠠᠶᠢᠭᠠᠯᠢ᠂ ᠬᠥᠮᠥᠨ ᠨᠡᠶᠢᠭᠡᠮ ᠤᠨ ᠡᠬᠢ | ᠪᠠᠶᠠᠯᠢᠭ ᠢ ᠭᠦᠢᠴᠡᠳ ᠠᠰᠢᠭᠯᠠᠬᠤ ᠪᠠ ᠬᠠᠮᠠᠭᠠᠯᠠᠬᠤ ᠭᠡᠷᠡᠭᠲᠡᠶ᠃ ᠬᠢᠮᠳᠠ ᠪᠥᠭᠡᠳ ᠵᠦᠢ ᠵᠣᠬᠢᠰᠲᠠᠢ᠂ ᠭᠠᠩ ᠬᠠᠭᠤᠷᠠᠢ | ᠬᠦᠢᠲᠡᠨ ᠠᠭᠤᠷ ᠠᠮᠢᠰᠬᠤᠯ ᠬᠤᠵᠢᠷᠯᠢᠭ ᠭᠠᠵᠠᠷ ᠲᠤ ᠵᠣᠬᠢᠴᠠᠬᠤ ᠣᠷᠣᠨ ᠨᠤᠲᠤᠭ ᠤᠨ ᠮᠣᠳᠣᠨ ᠤ ᠲᠥᠷᠥᠯ ᠢ | ᠡᠩ ᠲᠡᠷᠢᠭᠦᠨ ᠳᠤ ᠰᠣᠩᠭᠤᠨ ᠬᠡᠷᠡᠭᠯᠡᠵᠦ᠂ ᠬᠥᠮᠥᠨ ᠤ ᠪᠡᠶ᠎ᠡ ᠳᠤ ᠠᠮᠠᠷᠬᠠᠨ ᠬᠠᠷᠰᠢᠬᠤ ᠤᠷᠭᠤᠮᠠᠯ ᠢ ᠰᠣᠩᠭᠤᠨ | ᠬᠡᠷᠡᠭᠯᠡᠬᠦ ᠠᠴᠠ ᠵᠠᠶᠢᠯᠠᠰᠬᠢᠬᠦ ᠭᠡᠷᠡᠭᠲᠡᠶ᠃ ᠬᠤᠲᠠ ᠶᠢᠨ ᠶᠠᠪᠤᠳᠠᠯ ᠤᠨ ᠬᠤᠭᠤᠯᠠᠢ ᠲᠣᠣᠷ᠂ ᠵᠠᠮ ᠬᠠᠷᠢᠯᠴᠠᠭᠠᠨ ᠤ | ᠲᠥᠬᠦᠭᠡᠷᠦᠮᠵᠢ ᠵᠡᠷᠭᠡ ᠣᠯᠠᠨ ᠨᠡᠶᠢᠲᠡ ᠶᠢᠨ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠳᠤ ᠨᠣᠭᠤᠭᠠᠷᠠᠭᠤᠯᠤᠯᠲᠠ | ᠶᠢᠨ ᠥᠰᠦᠯᠲᠡ ᠶᠢᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠬᠤ ᠭᠡᠷᠡᠭᠲᠡᠶ᠃ ᠬᠤᠲᠠ ᠪᠠᠯᠭᠠᠰᠤ ᠶᠢᠨ | ᠨᠣᠭᠤᠭᠠᠷᠠᠭᠤᠯᠤᠯᠲᠠ ᠳᠤ ᠬᠡᠷᠡᠭᠯᠡᠬᠦ ᠤᠰᠤ᠂ ᠦᠵᠡᠮᠵᠢ ᠳᠤ ᠬᠡᠷᠡᠭᠯᠡᠬᠦ ᠤᠰᠤᠨ ᠳᠤ ᠤᠰᠤ ᠠᠷᠪᠢᠯᠠᠬᠤ ᠮᠡᠷᠭᠡᠵᠢᠯ ᠢ | ᠬᠡᠷᠡᠭᠯᠡᠵᠦ᠂ ᠳᠠᠬᠢᠯᠲᠠ ᠤᠰᠤ ᠪᠠ ᠪᠣᠷᠣᠭᠠᠨ ᠤ ᠤᠰᠤ ᠶᠢ ᠤᠷᠢᠳ ᠢᠶᠠᠷ ᠠᠰᠢᠭᠯᠠᠬᠤ ᠭᠡᠷᠡᠭᠲᠡᠶ᠃ ᠨᠡᠭᠡᠭᠡᠯᠲᠡᠲᠤ | ᠮᠠᠶ᠋ᠢᠭ ᠤᠨ ᠨᠣᠭᠤᠭᠠᠷᠠᠭᠤᠯᠤᠯᠲᠠ᠂ ᠪᠣᠰᠤᠭ᠎ᠠ ᠴᠣᠭᠴᠠᠲᠤ ᠨᠣᠭᠤᠭᠠᠷᠠᠭᠤᠯᠤᠯᠲᠠ ᠶᠢ ᠬᠡᠷᠡᠭᠵᠢᠭᠦᠯᠬᠦ ᠶᠢ | ᠵᠣᠷᠢᠬᠵᠢᠭᠤᠯᠤᠨ᠎ᠠ᠃ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠬᠤᠭ ᠨᠣᠪᠰᠢ ᠶᠢ ᠰᠢᠢᠳᠪᠦᠷᠢᠯᠡᠬᠦ ᠪᠠ ᠡᠬᠢ | ᠪᠠᠶᠠᠯᠢᠭᠵᠢᠭᠤᠯᠤᠨ ᠠᠰᠢᠭᠯᠠᠬᠤ ᠰᠢᠰᠲ᠋ᠧᠮ ᠵᠡᠷᠭᠡ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠡᠭᠦᠨ ᠠᠴᠠ ᠭᠠᠳᠠᠨ᠎ᠠ ᠪᠠᠰᠠ᠂ ︽ᠳᠦᠷᠢᠮ︾ ᠤᠨ ᠬᠡᠷᠡᠭᠯᠡᠭᠳᠡᠬᠦ ᠬᠡᠪᠴᠢᠶ᠎ᠡ᠂ ᠦᠨᠳᠦᠰᠦᠨ ᠵᠠᠷᠴᠢᠮ᠂ ᠬᠤᠲᠠ ᠪᠠᠯᠭᠠᠰᠤ | ᠶᠢᠨ ᠨᠣᠭᠤᠭᠠᠷᠠᠭᠤᠯᠤᠯᠲᠠ ᠶᠢᠨ ᠲᠥᠯᠦᠪᠵᠢᠭᠦᠯᠭᠡ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠬᠠᠮᠠᠭᠠᠯᠠᠯᠲᠠ | ᠪᠠ ᠬᠠᠮᠢᠶᠠᠷᠤᠯᠲᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠲᠠᠯ᠎ᠠ ᠶᠢᠨ ᠠᠭᠤᠯᠭ᠎ᠠ ᠳᠤ ᠨᠠᠷᠢᠯᠢᠭ | ᠲᠣᠳᠣᠷᠬᠠᠶᠢᠯᠠᠯᠲᠠ ᠬᠢᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ︽ᠳᠦᠷᠢᠮ︾ ᠢ 2024 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ︽ᠳᠦᠷᠢᠮ︾ ᠢ ᠬᠡᠷᠡᠭᠵᠢᠭᠦᠯᠬᠦ ᠨᠢ᠂ ᠮᠠᠨ ᠤ ᠣᠷᠣᠨ ᠤ ᠬᠤᠲᠠ ᠪᠠᠯᠭᠠᠰᠤ ᠶᠢᠨ | ᠨᠣᠭᠤᠭᠠᠷᠠᠭᠤᠯᠤᠯᠲᠠ ᠶᠢᠨ ᠠᠵᠢᠯ ᠬᠠᠤᠯᠢᠵᠢᠵᠤ ᠳᠦᠷᠢᠮᠵᠢᠭᠰᠡᠨ ᠬᠥᠭᠵᠢᠯᠲᠡ ᠶᠢᠨ ᠰᠢᠨ᠎ᠡ ᠱᠠᠲᠤ ᠦᠶ᠎ᠡ ᠳᠤ | ᠣᠷᠣᠭᠰᠠᠨ ᠢ ᠬᠠᠷᠠᠭᠤᠯᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠭᠡᠳᠦ ᠶᠢᠨ ᠨᠥᠯᠥᠭᠡ ᠲᠠᠢ | ᠪᠠᠶᠢᠵᠤ᠂ ᠮᠠᠨ ᠤ ᠣᠷᠣᠨ ᠤ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠦᠢᠯᠡᠰ ᠤᠨ ᠬᠥᠭᠵᠢᠯᠲᠡ ᠶᠢᠨ | ᠲᠡᠦᠬᠡᠨ ᠳᠡᠭᠡᠷᠡᠬᠢ ᠲᠣᠮᠣ ᠶᠠᠪᠤᠳᠠᠯ ᠪᠣᠯᠣᠨ᠎ᠠ᠃ | | | |