ᠦᠴᠦᠸᠠᠨ ᠰᠢᠶᠠᠨ ︽ᠳᠥᠷᠪᠡ ᠶᠢ ᠪᠦᠷᠢᠳᠦᠭᠦᠯᠦᠭᠰᠡᠨ︾ ᠰᠢᠯᠢᠳᠡᠭ ᠪᠠᠶᠢᠯᠳᠤᠭᠴᠢ ᠶᠢᠨ ᠢᠷᠠᠭᠤ ᠠᠯᠳᠠᠷ ᠤᠨ ᠴᠣᠯᠠ ᠭᠥᠷᠳᠡᠭᠰᠡᠨ ᠠᠯᠪᠠᠨ ᠴᠡᠷᠢᠭ ᠤᠨ ᠭᠡᠷ ᠪᠦᠯᠢ ᠶᠢᠨ ᠬᠢᠨ ᠳᠤ ᠪᠠᠶᠠᠷ ᠤᠨ ᠮᠡᠳᠡᠭᠡ ᠬᠦᠷᠭᠡᠪᠡ
ᠨᠡᠶᠢᠲᠡᠯᠡᠭᠰᠡᠨ ᠴᠠᠭ᠄
2024/4/7
     4 ᠰᠠᠷ᠎ᠠ ᠶᠢᠨ 3 ᠤ ᠦᠳᠡ ᠶᠢᠨ ᠡᠮᠦᠨ᠎ᠡ᠂ ᠦᠴᠦᠸᠠᠨ ᠰᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠢᠨ ᠬᠤᠭᠤᠯᠠᠢ ᠠᠭᠤᠯᠠ ᠰᠢᠶᠠᠩ ᠳᠤ ᠬᠦᠷᠴᠦ ︽ᠳᠥᠷᠪᠡ ᠶᠢ ᠪᠦᠷᠢᠳᠦᠭᠦᠯᠦᠭᠰᠡᠨ︾ ᠰᠢᠯᠢᠳᠡᠭ ᠪᠠᠶᠢᠯᠳᠤᠭᠴᠢ ᠶᠢᠨ ᠢᠷᠠᠭᠤ ᠠᠯᠳᠠᠷ ᠤᠨ ᠴᠣᠯᠠ ᠭᠥᠷᠳᠡᠭᠰᠡᠨ ᠠᠯᠪᠠᠨ ᠴᠡᠷᠢᠭ ᠤᠨ ᠭᠡᠷ ᠪᠦᠯᠢ ᠶᠢᠨ ᠬᠢᠨ ᠳᠤ ᠪᠠᠶᠠᠷ ᠤᠨ ᠴᠢᠮᠡᠭᠡ ᠬᠦᠷᠭᠡᠭᠰᠡᠨ ᠪᠥᠭᠡᠳ ᠲᠣᠬᠤᠨᠢᠭᠤᠯᠬᠤ ᠪᠣᠳᠠᠰ ᠬᠦᠷᠭᠡᠵᠦ ᠴᠢᠩ ᠰᠡᠳᠬᠢᠯ ᠤᠨ ᠪᠠᠶᠠᠷ ᠬᠦᠷᠭᠡᠵᠦ᠂ ︽ᠢᠷᠠᠭᠤ ᠠᠯᠳᠠᠷᠲᠤ ᠭᠡᠷ ᠪᠦᠯᠢ︾ ᠳᠤ ᠳᠠᠬᠢᠨᠲᠠ ᠢᠷᠠᠭᠤ ᠠᠯᠳᠠᠷ ᠨᠡᠮᠡᠷᠢᠯᠡᠵᠦ᠂ ᠲᠡᠳᠡᠨ ᠤ ᠤᠯᠤᠰ ᠬᠦᠷᠦᠨ᠂ ᠴᠡᠷᠢᠭ ᠠᠩᠭᠢ ᠳᠤ ᠰᠢᠯᠢᠳᠡᠭ ᠴᠢᠳᠠᠪᠤᠷᠢᠲᠠᠨ ᠢ ᠬᠥᠮᠥᠵᠢᠭᠦᠯᠦᠨ ᠬᠦᠷᠭᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃
     ︽ᠳᠥᠷᠪᠡ ᠶᠢ ᠪᠦᠷᠢᠳᠦᠭᠦᠯᠦᠭᠰᠡᠨ︾ ᠰᠢᠯᠢᠳᠡᠭ ᠪᠠᠶᠢᠯᠳᠤᠭᠴᠢ ᠶᠢᠨ ᠭᠡᠷ ᠪᠦᠯᠢ ᠶᠢᠨ ᠬᠢᠨ ᠲᠠᠢ ᠳᠣᠲᠣᠨᠣ ᠪᠠᠷ ᠶᠠᠷᠢᠯᠴᠠᠬᠤ ᠳᠤᠮᠳᠠ᠂ ᠲᠣᠬᠤᠨᠢᠭᠤᠯᠬᠤ ᠳᠤᠭᠤᠶᠢᠯᠠᠩ ᠤᠨ ᠤᠳᠤᠷᠢᠳᠤᠯᠭ᠎ᠠ ᠲᠡᠳᠡᠨ ᠤ ᠭᠡᠷ ᠪᠦᠯᠢ ᠶᠢᠨ ᠪᠠᠶᠢᠳᠠᠯ ᠪᠠ ᠪᠡᠶ᠎ᠡ ᠮᠠᠬᠠᠪᠤᠳ ᠤᠨ ᠪᠠᠶᠢᠳᠠᠯ ᠢ ᠨᠠᠷᠢᠨ ᠣᠶᠢᠯᠠᠭᠠᠵᠤ᠂ ᠬᠡᠦᠬᠡᠳ ᠤᠨ ᠴᠡᠷᠢᠭ ᠠᠩᠭᠢ ᠳᠤ ᠣᠯᠣᠭᠰᠠᠨ ᠠᠮᠵᠢᠯᠲᠠ ᠪᠦᠲᠦᠮᠵᠢ ᠶᠢ ᠨᠤᠲᠠᠯᠠᠵᠤ ᠪᠠᠶᠢᠬᠤ ᠪᠠ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠡᠳᠡᠨ ᠤ ᠬᠡᠦᠬᠡᠳ ᠤᠨ ᠴᠡᠷᠢᠭ ᠠᠩᠭᠢ ᠳᠤ ᠰᠠᠨᠠᠭ᠎ᠠ ᠠᠮᠤᠷ ᠠᠯᠪᠠ ᠬᠠᠭᠠᠵᠤ᠂ ᠴᠡᠷᠢᠭ ᠤᠨ ᠬᠤᠸᠠᠷᠠᠨ ᠳᠤ ᠦᠨᠳᠦᠰᠦᠯᠡᠵᠦ ᠳᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠢᠯᠡᠭᠦᠬᠡᠨ ᠵᠣᠷᠢᠭᠵᠢᠭᠤᠯᠬᠤ ᠶᠢ ᠬᠦᠰᠡᠬᠦ ᠶᠢᠨ ᠬᠠᠮᠲᠤ ᠲᠡᠳᠡᠨ ᠳᠤ ᠶᠠᠮᠠᠷᠪᠠ ᠬᠦᠴᠢᠷᠳᠡᠯ ᠪᠠᠶᠢᠪᠠᠯ ᠴᠥᠮ ᠰᠢᠶᠠᠩ ᠪᠠᠯᠭᠠᠰᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠲᠠᠢ ᠬᠠᠷᠢᠯᠴᠠᠵᠤ ᠪᠣᠯᠣᠨ᠎ᠠ᠂ ᠨᠠᠮ ᠪᠠ ᠵᠠᠰᠠᠭ ᠤᠨ ᠣᠷᠳᠣᠨ ᠠᠴᠠ ᠠᠯᠪᠠᠨ ᠤ ᠴᠡᠷᠢᠭ ᠤᠨ ᠬᠤᠶᠢᠰᠢᠳᠠ ᠶᠢᠨ ᠵᠣᠪᠠᠨᠢᠯ ᠢ ᠯᠠᠪᠲᠠᠢ ᠠᠷᠢᠯᠭᠠᠵᠤ ᠥᠭᠬᠦ ᠶᠤᠮ ᠭᠡᠵᠡᠢ᠃      ︽ᠳᠥᠷᠪᠡ ᠶᠢ ᠪᠦᠷᠢᠳᠦᠭᠦᠯᠦᠭᠰᠡᠨ︾ ᠰᠢᠯᠢᠳᠡᠭ ᠪᠠᠶᠢᠯᠳᠤᠭᠴᠢ ᠶᠢᠨ ᠭᠡᠷ ᠪᠦᠯᠢ ᠶᠢᠨ ᠬᠢᠨ᠄ ︽ᠬᠡᠦᠬᠡᠳ ᠤᠨ ᠴᠡᠷᠢᠭ ᠠᠩᠭᠢ ᠳᠠᠬᠢ ᠲᠠᠪᠰᠢᠯᠳᠠ ᠶᠢ ᠦᠵᠡᠭᠡᠳ ᠮᠠᠨ ᠤ ᠭᠡᠷ ᠪᠦᠯᠢ ᠶᠢᠨ ᠬᠢᠨ ᠴᠥᠮ ᠮᠠᠰᠢ ᠪᠠᠶᠠᠷᠯᠠᠵᠤ ᠪᠠᠶᠢᠨ᠎ᠠ᠂ ᠬᠦᠦ ︿ᠳᠥᠷᠪᠡ ᠶᠢ ᠪᠦᠷᠢᠳᠦᠭᠦᠯᠦᠭᠰᠡᠨ﹀ ᠰᠢᠯᠢᠳᠡᠭ ᠪᠠᠶᠢᠯᠳᠤᠭᠴᠢ ᠶᠢ ᠬᠦᠷᠳᠡᠬᠦ ᠳᠤ ᠨᠠᠮ ᠪᠣᠯᠣᠨ ᠴᠡᠷᠢᠭ ᠠᠩᠭᠢ ᠶᠢᠨ ᠬᠥᠮᠦᠵᠢᠯ ᠠᠴᠠ ᠰᠠᠯᠵᠤ ᠴᠢᠳᠠᠬᠤ ᠦᠭᠡᠢ ᠶᠤᠮ᠂ ᠲᠠᠨᠠᠷ ᠪᠠᠶᠠᠷ ᠤᠨ ᠴᠢᠮᠡᠭᠡ ᠶᠢ ᠭᠡᠷ ᠲᠤ ᠬᠦᠷᠭᠡᠭᠰᠡᠨ ᠳᠤ ᠮᠠᠨ ᠤ ᠭᠡᠷ ᠪᠦᠯᠢ ᠶᠢᠨ ᠬᠢᠨ ᠴᠥᠮ ᠮᠠᠰᠢ ᠢᠷᠠᠭᠤ ᠠᠯᠳᠠᠷ ᠲᠠᠢ ᠰᠠᠨᠠᠭᠳᠠᠵᠤ ᠪᠠᠶᠢᠨ᠎ᠠ᠃ ᠪᠢᠳᠡ ᠯᠠᠪᠲᠠᠢ ᠬᠡᠦᠬᠡᠳ ᠢᠶᠠᠨ ᠴᠡᠷᠢᠭ ᠠᠩᠭᠢ ᠳᠤ ᠰᠠᠨᠠᠭ᠎ᠠ ᠠᠮᠤᠷ ᠠᠯᠪᠠ ᠬᠠᠭᠠᠵᠤ᠂ ᠡᠬᠡ ᠤᠯᠤᠰ ᠤᠨ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠭᠦᠯᠵᠦ᠂ ᠳᠠᠬᠢᠨ ᠰᠢᠨ᠎ᠡ ᠭᠠᠪᠢᠶ᠎ᠠ ᠪᠠᠶᠢᠭᠤᠯᠬᠤ ᠪᠠᠷ ᠴᠢᠷᠮᠠᠢ ᠭᠡᠵᠦ ᠵᠠᠬᠢᠨ᠎ᠠ︾ ᠭᠡᠵᠦ ᠢᠯᠡᠳᠬᠡᠪᠡ᠃      ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ︽ᠳᠥᠷᠪᠡ ᠶᠢ ᠬᠦᠨᠳᠦᠳᠬᠡᠬᠦ᠂ ᠲᠠᠪᠤ ᠶᠢ ᠬᠠᠶᠢᠷᠠᠯᠠᠬᠤ᠂ ᠵᠢᠷᠭᠤᠭ᠎ᠠ ᠶᠢ ᠵᠠᠪᠠᠯ ᠰᠤᠷᠪᠤᠯᠵᠢᠯᠠᠬᠤ︾ ᠠᠵᠢᠯ ᠤᠨ ᠵᠠᠷᠴᠢᠮ ᠢ ᠢᠳᠡᠪᠬᠢᠲᠡᠢ ᠪᠠᠷ ᠨᠠᠶᠢᠳᠠᠪᠤᠷᠢᠵᠢᠭᠤᠯᠵᠤ᠂ ᠭᠠᠪᠢᠶ᠎ᠠ ᠪᠠᠶᠢᠭᠤᠯᠤᠭᠰᠠᠨ ᠴᠡᠷᠢᠭ ᠤᠨ ᠭᠡᠷ ᠪᠦᠯᠢ ᠳᠤ ᠪᠠᠶᠠᠷ ᠤᠨ ᠮᠡᠳᠡᠭᠡ ᠬᠦᠷᠭᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠴᠡᠷᠢᠭ ᠬᠥᠮᠥᠨ ᠢ ᠨᠡᠶᠢᠭᠡᠮ ᠳᠠᠶᠠᠭᠠᠷ ᠤᠨ ᠬᠦᠨᠳᠦᠳᠬᠡᠳᠡᠭ ᠠᠵᠢᠯ ᠮᠡᠷᠭᠡᠵᠢᠯ ᠪᠣᠯᠭᠠᠬᠤ︾ ᠪᠠᠷ ᠵᠣᠷᠢᠯᠲᠠ ᠪᠣᠯᠭᠠᠵᠤ᠂ ︽ᠨᠢᠭᠡ ᠬᠥᠮᠥᠨ ᠭᠠᠪᠢᠶ᠎ᠠ ᠪᠠᠶᠢᠭᠤᠯᠪᠠᠯ ᠪᠥᠬᠦ ᠭᠡᠷ ᠢᠶᠠᠷ ᠢᠶᠠᠨ ᠢᠷᠠᠭᠤ ᠠᠯᠳᠠᠷ ᠲᠠᠢ︾ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠥᠷᠭᠡᠨ ᠣᠯᠠᠨ ᠬᠦᠰᠡᠯ ᠵᠣᠷᠢᠭ ᠲᠠᠢ ᠵᠠᠯᠠᠭᠤᠴᠤᠳ ᠤᠨ ᠴᠡᠷᠢᠭ ᠤᠨ ᠬᠤᠸᠠᠷᠠᠨ ᠳᠤ ᠣᠷᠣᠯᠴᠠᠬᠤ ᠶᠢ ᠵᠣᠷᠢᠭᠵᠢᠭᠤᠯᠵᠤ᠂ ᠴᠡᠷᠢᠭ ᠠᠩᠭᠢ ᠳᠤ ᠨᠠᠩ ᠣᠯᠠᠨ ᠴᠢᠳᠠᠪᠤᠷᠢᠲᠠᠢ ᠬᠥᠮᠥᠰ ᠢ ᠬᠦᠷᠭᠡᠨ ᠥᠭᠴᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠢ ᠬᠠᠮᠲᠤ ᠪᠠᠷ ᠴᠣᠭᠴᠠᠯᠠᠨ᠎ᠠ︕              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号