ᠦᠴᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ 33 ᠳ᠋ᠤᠭᠠᠷ ᠪᠥᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠠᠮᠵᠢᠯᠲᠠᠲᠠᠢ ᠶᠠᠪᠤᠭᠤᠯᠪᠠ
ᠨᠡᠶᠢᠲᠡᠯᠡᠭᠰᠡᠨ ᠴᠠᠭ᠄
2024/4/7
     4 ᠰᠠᠷ᠎ᠠ ᠶᠢᠨ 1 ᠤ ᠡᠳᠦᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠦᠴᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠰᠢᠨ᠎ᠡ ᠳᠡᠯᠡᠬᠡᠢ ᠠᠭᠤᠳᠠᠮ ᠲᠠᠯᠠᠪᠠᠶ ᠳᠤ ︽ᠭᠠᠶᠢᠯᠢ ᠬᠥᠭᠵᠢᠯᠲᠡ ᠳᠤ ᠬᠦᠴᠦᠨ ᠨᠡᠮᠡᠷᠢᠯᠡᠵᠦ ᠰᠢᠨ᠎ᠡ ᠵᠦᠭ ᠤᠷᠤᠭᠰᠢᠯᠠᠶ᠎ᠠ︾ ᠭᠡᠬᠦ ᠭᠤᠣᠯ ᠰᠡᠳᠦᠪ ᠪᠠᠷ 33 ᠳ᠋ᠤᠭᠠᠷ ᠪᠥᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠦᠴᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠺᠠᠳ᠋ᠷᠴᠤᠳ ᠤᠯᠠᠮᠵᠢᠯᠠᠯᠲᠤ ᠳᠠᠭᠤᠷᠢᠯᠢᠭ ᠴᠠᠷᠭᠢᠯ ᠦᠯᠢᠭᠡᠷ ᠤᠨ ᠬᠡᠯᠪᠡᠷᠢ ᠪᠠᠷ᠂ ᠠᠷᠠᠳ ᠣᠯᠠᠨ ᠤ ᠣᠶᠢᠯᠠᠭᠠᠵᠤ ᠮᠡᠳᠡᠳᠡᠭ ᠳᠥᠭᠦᠮ ᠬᠢᠯᠪᠠᠷ ᠦᠭᠡ ᠶᠠᠷᠢᠶ᠎ᠠ ᠪᠠᠷ ᠣᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠡᠯ᠎ᠡ ᠲᠥᠷᠥᠯ ᠤᠨ ᠭᠠᠶᠢᠯᠢ ᠶᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠶᠠᠷᠢᠵᠤ᠂ ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠶᠢ ︽ᠣᠯᠠᠨ ᠲᠦᠮᠡᠨ ᠲᠠᠢ ᠣᠶᠢᠷᠠᠲᠤᠭᠤᠯᠵᠤ︾᠂ ᠭᠠᠶᠢᠯᠢ ᠲᠤᠰᠢᠶᠠᠬᠤ ᠤᠷᠢᠬᠠᠨ ᠰᠠᠯᠬᠢᠨ ᠢᠶᠠᠷ ︽ᠬᠥᠮᠥᠰ ᠤᠨ ᠰᠡᠳᠬᠢᠯ ᠢ ᠪᠠᠶᠠᠰᠬᠠᠵᠤ︾᠂ ᠭᠠᠶᠢᠯᠢ ᠲᠤᠰᠢᠶᠠᠬᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠬᠥᠰᠢᠭᠡ ᠶᠢ ᠵᠢᠩᠬᠢᠨᠢ ᠪᠠᠷ ᠨᠡᠭᠡᠭᠡᠭᠰᠡᠨ ᠪᠠᠶᠢᠨ᠎ᠠ᠃
     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠦᠴᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠵᠣᠬᠢᠶᠠᠨ ᠪᠠᠶᠢᠭᠤᠯᠤᠭᠰᠠᠨ ︽ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠯᠪᠤᠷᠢ ᠪᠠᠭ᠎ᠠ ᠠᠩᠭᠢ︾ ᠨᠢ ᠲᠣᠭᠲᠠᠮᠠᠯ ᠤᠬᠠᠭᠤᠯᠭ᠎ᠠ ᠶᠢᠨ ᠲᠠᠪᠴᠠᠩ ᠪᠠᠶᠢᠭᠤᠯᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠬᠦ ᠵᠡᠷᠭᠡ ᠠᠷᠭ᠎ᠠ ᠮᠠᠶ᠋ᠢᠭ ᠢ ᠠᠰᠢᠭᠯᠠᠨ᠂ ᠬᠠᠮᠤᠭ ᠤᠨ ᠰᠢᠨ᠎ᠡ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠭᠠᠶᠢᠯᠢ ᠳᠤ ᠬᠤᠯᠪᠣᠭᠳᠠᠬᠤ ᠬᠠᠯᠠᠭᠤᠨ ᠴᠡᠭ ᠤᠨ ᠠᠰᠠᠭᠤᠳᠠᠯ ᠢ ᠨᠢᠭᠤᠷᠲᠠᠨ ᠤᠬᠠᠭᠤᠯᠤᠨ ᠲᠠᠶᠢᠯᠪᠤᠷᠢᠯᠠᠵᠤ᠂ ︽ᠲᠥᠷᠥ ᠶᠢᠨ ᠪᠣᠳᠣᠯᠭ᠎ᠠ ᠶᠢᠨ ᠶᠡᠭᠡ ᠪᠡᠯᠡᠭ︾ ᠢ ᠬᠥᠮᠥᠨ ᠪᠣᠯᠭᠠᠨ ᠳᠤ ᠭᠠᠷᠳᠠᠭᠤᠯᠵᠠᠢ᠃ ᠭᠠᠶᠢᠯᠢ ᠳᠤ ᠬᠤᠯᠪᠣᠭᠳᠠᠬᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠬᠠᠷᠢᠭᠤᠯᠲᠠ ᠥᠭᠴᠦ᠂ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠶᠢᠨ ︽ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ︾ ᠢ ᠰᠢᠢᠳᠪᠦᠷᠢᠯᠡᠨ᠂ ᠭᠠᠶᠢᠯᠢ ᠣᠯᠠᠨ ᠲᠦᠮᠡᠨ ᠤ ᠬᠠᠷᠢᠴᠠᠭ᠎ᠠ ᠶᠢ ᠪᠦᠲᠦᠮᠵᠢᠲᠡᠶ ᠪᠠᠷ ᠣᠶᠢᠷᠠᠲᠤᠭᠤᠯᠵᠤ᠂ ᠨᠡᠪᠲᠡᠷᠡᠯᠴᠡᠬᠦ ᠬᠥᠭᠦᠷᠭᠡ ᠶᠢ ᠠᠮᠵᠢᠯᠲᠠ ᠲᠠᠢ ᠪᠠᠷ ᠴᠣᠭᠴᠠᠯᠠᠨ᠂ ᠭᠠᠶᠢᠯᠢ ᠶᠢᠨ ᠶᠠᠪᠤᠳᠠᠯ ᠤᠨ ᠰᠠᠶᠢᠨ ᠰᠠᠶᠢᠬᠠᠨ ᠳᠦᠷᠢ ᠲᠥᠷᠬᠦ ᠶᠢ ᠭᠦᠢᠴᠡᠳ ᠢᠯᠡᠷᠡᠭᠦᠯᠪᠡ᠃      ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠦᠴᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠣᠰ ᠤᠳᠠᠭᠠᠨ ᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠠᠷ ᠲᠣᠬᠢᠶᠠᠯ ᠪᠣᠯᠭᠠᠵᠤ᠂ ᠨᠠᠩ ᠣᠯᠠᠨ ᠰᠢᠨ᠎ᠡ ᠬᠡᠯᠪᠡᠷᠢ ᠲᠠᠢ᠂ ᠡᠯᠪᠡᠭ ᠪᠠᠶᠠᠯᠢᠭ ᠠᠭᠤᠯᠭ᠎ᠠ ᠲᠠᠢ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠶᠢᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号