ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠬᠠᠩᠰᠢ ᠶᠢᠨ ᠡᠳᠦᠷ ᠤᠨ ᠲᠠᠬᠢᠯᠭ᠎ᠠ ᠶᠢᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/7
     ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠭᠦᠨ᠎ᠡ ᠳᠤᠷᠠᠰᠤᠨ ᠰᠠᠨᠠᠭᠠᠯᠵᠠᠵᠤ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ 4 ᠰᠠᠷ᠎ᠠ ᠶᠢᠨ 3 ᠤ ᠡᠳᠦᠷ᠂ ᠬᠠᠩᠰᠢ ᠬᠦᠷᠴᠦ ᠢᠷᠡᠬᠦ ᠲᠠᠰᠢᠷᠠᠮ ᠳᠤ᠂ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠤᠳᠤᠷᠢᠳᠬᠤ ᠪᠠᠭ᠂ ᠪᠠᠶᠢᠭᠤᠯᠤᠯᠭ᠎ᠠ ᠶᠢᠨ ᠠᠵᠢᠯ ᠳᠤ ᠪᠠᠶᠢᠭ᠎ᠠ ᠨᠠᠮ ᠤᠨ ᠭᠡᠰᠢᠭᠦᠨ᠂ ᠦᠴᠦᠸᠠᠨ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ ᠵᠠᠭᠤ ᠭᠠᠷᠤᠢ ᠬᠥᠮᠥᠨ ᠢ ᠵᠣᠬᠢᠶᠠᠨ ᠪᠠᠶᠢᠭᠤᠯᠵᠤ᠂ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠳᠤ ᠬᠦᠷᠴᠦ᠂ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠳᠠᠶᠢᠨ ᠳᠤ ᠡᠷᠬᠢᠮ ᠨᠠᠨᠳᠢᠨ ᠠᠮᠢ ᠨᠠᠰᠤ ᠪᠠᠨ ᠵᠣᠷᠢᠭᠤᠯᠤᠭᠰᠠᠨ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠢ ᠭᠠᠰᠢᠭᠤᠳᠠᠨ ᠳᠤᠷᠠᠰᠬᠠᠵᠤ᠂ ᠦᠷᠡᠭᠳᠡᠭᠰᠡᠨ ᠪᠠᠭᠠᠲᠤᠷᠴᠤᠳ ᠤᠨ ᠪᠠᠯᠠᠷᠠᠰᠢ ᠦᠭᠡᠢ ᠭᠠᠪᠢᠶ᠎ᠠ ᠵᠢᠳᠬᠦᠯ ᠢ ᠭᠦᠨ᠎ᠡ ᠳᠤᠷᠠᠰᠤᠨ ᠰᠠᠨᠠᠭᠠᠯᠵᠠᠵᠤ᠂ ︽ᠦᠷᠡᠭᠳᠡᠭᠰᠡᠨ ᠪᠠᠭᠠᠲᠤᠷᠴᠤᠳ ᠤᠨ ᠠᠤᠭ᠎ᠠ ᠵᠢᠳᠬᠦᠯ ᠢ ᠳᠤᠷᠠᠰᠤᠨ ᠰᠠᠨᠠᠭᠠᠯᠵᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ︾ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯᠯᠠᠭ᠎ᠠ ᠥᠷᠨᠢᠭᠦᠯᠪᠡ᠃
     ᠪᠦᠬᠦ ᠨᠠᠮ ᠤᠨ ᠭᠡᠰᠢᠭᠦᠨ ᠺᠠᠳ᠋ᠷ ᠪᠣᠯᠣᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠣᠷᠳᠣᠨ ᠢ ᠵᠣᠬᠢᠶᠠᠨ ᠪᠠᠶᠢᠭᠤᠯᠤᠨ ᠲᠣᠭᠤᠷᠢᠨ ᠦᠵᠡᠭᠦᠯᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠰᠢᠷᠭᠠᠭᠤ ᠬᠠᠲᠠᠭᠤᠵᠢᠯᠲᠠᠢ ᠬᠤᠪᠢᠰᠬᠠᠯᠲᠤ ᠲᠡᠮᠡᠴᠡᠯ ᠤᠨ ᠳᠤᠮᠳᠠ ᠠᠴᠠ ᠤᠶᠤᠨ ᠰᠠᠨᠠᠭᠠᠨ ᠤ ᠥᠪ ᠬᠥᠷᠥᠩᠭᠡ ᠶᠢ ᠰᠢᠩᠭᠡᠬᠡᠨ ᠠᠪᠴᠤ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠭ ᠰᠠᠨᠠᠭ᠎ᠠ ᠪᠠᠨ ᠲᠠᠰᠤᠷᠠᠯᠲᠠ ᠦᠭᠡᠢ ᠪᠠᠶᠢᠴᠠᠭᠠᠨ ᠦᠵᠡᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠬᠡᠪ ᠴᠢᠨᠠᠷ ᠢᠶᠠᠨ ᠤᠯᠠᠮ ᠴᠢᠨᠠᠭᠰᠢᠳᠠ ᠳᠠᠪᠲᠠᠨ ᠪᠣᠯᠪᠠᠰᠤᠷᠠᠭᠤᠯᠵᠠᠢ᠃
     ᠳᠠᠷᠠᠭᠠᠴᠢ ᠶᠢᠨ ᠠᠯᠬᠤᠮ ᠳᠤ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠣᠯᠠᠨ ᠬᠡᠯᠪᠡᠷᠢ᠂ ᠣᠯᠠᠨ ᠠᠷᠭ᠎ᠠ ᠵᠠᠮ ᠢᠶᠠᠷ ︽ᠨᠠᠮ ᠳᠠᠭᠠᠨ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠰᠤᠷᠭᠠᠨ ᠬᠥᠮᠦᠵᠢᠯ ᠤᠨ ᠰᠢᠰᠲ᠋ᠧᠮ ᠤᠨ ᠳᠣᠲᠣᠷ᠎ᠠ ᠡᠯ᠎ᠡ ᠲᠥᠷᠥᠯ ᠤᠨ ᠲᠤᠰᠬᠠᠢ ᠰᠡᠳᠦᠪᠲᠦ ᠰᠤᠷᠭᠠᠨ ᠬᠥᠮᠦᠵᠢᠯ ᠢ ᠢᠳᠡᠪᠬᠢᠲᠡᠢ ᠥᠷᠨᠢᠭᠦᠯᠵᠦ᠂ ᠥᠷᠭᠡᠨ ᠤᠯᠠᠨ ᠪᠠᠭᠰᠢ ᠰᠤᠷᠤᠭᠴᠢᠳ ᠪᠣᠯᠣᠨ ᠪᠦᠬᠦ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠤᠳᠤ ᠶᠢᠨ ᠰᠠᠶᠢᠨ ᠰᠠᠶᠢᠬᠠᠨ ᠠᠮᠢᠳᠤᠷᠠᠯ ᠢᠶᠠᠨ ᠨᠠᠨᠳᠢᠩᠨᠠᠵᠤ᠂ ᠰᠢᠯᠢᠳᠡᠭ ᠰᠠᠶᠢᠨ ᠬᠤᠪᠢᠰᠬᠠᠯᠲᠤ ᠤᠯᠠᠮᠵᠢᠯᠠᠯ ᠢᠶᠠᠨ ᠪᠠᠳᠠᠷᠠᠭᠤᠯᠵᠤ᠂ ᠯᠠᠪᠳᠠᠭᠤᠨ ᠪᠠᠲᠤᠲᠠᠢ ᠠᠵᠢᠯᠯᠠᠵᠤ᠂ ᠨᠠᠷᠢᠨ ᠬᠢᠨᠠᠮᠠᠭᠠᠢ ᠰᠤᠷᠤᠯᠴᠠᠵᠤ᠂ ᠡᠬᠡ ᠤᠯᠤᠰ ᠤᠨ ᠬᠥᠭᠵᠢᠯ ᠴᠡᠴᠡᠭᠯᠡᠯ ᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠵᠦ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ ᠭᠡᠳᠡᠭ ᠢ ᠨᠡᠩ ᠲᠣᠳᠣᠷᠬᠠᠢ ᠲᠠᠨᠢᠭᠤᠯᠤᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号