ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/4/7
     4 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 130 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ 3 ᠰᠠᠷ᠎ᠠ ᠶᠢᠨ 29 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠬᠡᠷᠡᠭᠲᠡᠢ︾᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ︽ᠺᠠᠽᠠᠭᠰᠲ᠋ᠠᠨ ᠤ ᠵᠤᠭᠠᠴᠠᠯ ᠤᠨ ᠣᠨ︾ ᠤ ᠡᠬᠢᠯᠡᠯᠲᠡ ᠶᠢᠨ ᠶᠣᠰᠣᠯᠠᠯ ᠳᠤ ᠢᠯᠡᠭᠡᠭᠰᠡᠨ ᠪᠠᠶᠠᠷ ᠤᠨ ᠵᠠᠬᠢᠳᠠᠯ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 3 ᠰᠠᠷ᠎ᠠ ᠶᠢᠨ 29 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠭᠤᠷᠢᠨ ᠦᠵᠡᠵᠦ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ  ᠢ ᠦᠨᠡᠨᠬᠦ ᠪᠠᠳᠠᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠥᠷᠢᠶ᠎ᠡ ᠬᠦᠷᠦᠯᠴᠡᠬᠦ ᠦᠭᠡᠢ ᠲᠠᠯ᠎ᠠ ᠪᠠᠨ ᠦᠷᠭᠦᠯᠵᠢᠯᠡᠨ ᠭᠦᠨᠵᠡᠭᠡᠢ ᠡᠷᠢᠵᠦ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠲᠣᠪᠣᠶᠢᠮ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠵᠥᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠢᠭᠡᠳᠦᠯᠲᠡᠢ ᠲᠥᠯᠥᠪᠯᠡᠨ ᠬᠥᠭᠵᠢᠭᠦᠯᠬᠦ ᠪᠠ ᠠᠮᠤᠷ ᠲᠦᠪᠰᠢᠨ ᠢ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠳᠤ ᠢᠮᠠᠭᠲᠠ ᠲᠤᠭᠤᠰᠢᠯᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠦᠨᠡᠨᠴᠢ ᠰᠢᠳᠤᠷᠭᠤ ᠪᠠᠷ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠮᠠᠨ ᠤ ᠰᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠰ ᠤᠨ ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠮᠠᠨ ᠤ ᠰᠢᠶᠠᠨ ᠤ ᠲᠥᠪ ᠤᠨ ᠶᠡᠭᠡ ᠲᠠᠯ᠎ᠠ ᠶᠢᠨ ᠲᠣᠭᠤᠷᠢᠨ ᠳᠤ᠂ ᠪᠦᠬᠦ ᠰᠢᠶᠠᠨ ᠤ ᠡᠯ᠎ᠡ ᠵᠦᠢᠯ ᠤᠨ ᠬᠢᠯᠠᠰ ᠴᠡᠭ ᠤᠨ ᠠᠵᠢᠯ ᠢ ᠳ᠋ᠦᠩᠨᠡᠨ ᠪᠣᠯᠪᠠᠰᠤᠷᠠᠭᠤᠯᠬᠤ ᠶᠢ ᠰᠤᠷᠴᠤ᠂ ᠭᠠᠳᠠᠭᠠᠳᠤ ᠳᠤ ᠦᠭᠡ ᠬᠡᠯᠡᠬᠦ᠂ ᠭᠠᠳᠠᠭᠠᠳᠤ ᠳᠤ ᠤᠬᠠᠭᠤᠯᠭ᠎ᠠ ᠬᠢᠬᠦ ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠤᠯᠠᠮ ᠴᠢᠨᠠᠭᠰᠢᠳᠠ ᠥᠷᠭᠡᠳᠬᠡᠵᠦ᠂ ᠰᠦᠯᠵᠢᠶᠡᠨ ᠳᠡᠭᠡᠷᠡᠬᠢ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠢᠳᠡᠪᠬᠢ ᠬᠦᠴᠦᠨ ᠢ ᠨᠢᠭᠲᠠᠷᠠᠭᠤᠯᠬᠤ ᠬᠡᠷᠡᠭᠲᠡᠢ᠃ ᠰᠦᠯᠵᠢᠶᠡᠨ ᠤ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠰᠢᠶᠠᠨ ᠤ ᠭᠤᠣᠯ ᠠᠵᠢᠯ ᠲᠠᠢ ᠨᠢᠭᠲᠠ ᠤᠶᠠᠯᠳᠤᠭᠤᠯᠵᠤ᠂ ᠪᠦᠬᠦ ᠰᠢᠶᠠᠨ ᠤ ᠡᠯ᠎ᠡ ᠱᠠᠲᠣ ᠡᠯ᠎ᠡ ᠰᠠᠯᠠᠭ᠎ᠠ ᠮᠥᠴᠢᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠣᠯᠣᠭᠰᠠᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠶᠢ ᠰᠠᠶᠢᠲᠤᠷ ᠤᠬᠠᠭᠤᠯᠵᠤ᠂ ᠦᠴᠦᠸᠠᠨ ᠤ ᠦᠯᠢᠭᠡᠷ ᠢ ᠰᠠᠶᠢᠲᠤᠷ ᠶᠠᠷᠢᠵᠤ᠂ ᠦᠴᠦᠸᠠᠨ ᠤ ᠰᠠᠶᠢᠨ ᠳᠠᠭᠤᠨ ᠢ ᠳᠠᠮᠵᠢᠭᠤᠯᠬᠤ ᠬᠡᠷᠡᠭᠲᠡᠢ᠃ ᠰᠦᠯᠵᠢᠶᠡᠨ ᠤ ᠳᠠᠮᠵᠢᠭᠤᠯᠭ᠎ᠠ ᠶᠢᠨ ᠵᠢᠮ᠎ᠡ ᠶᠣᠰᠣ ᠶᠢ ᠰᠢᠨᠵᠢᠯᠡᠬᠦ ᠤᠬᠠᠭᠠᠨᠴᠢ ᠪᠠᠷ ᠲᠠᠨᠢᠵᠤ᠂ ᠰᠦᠯᠵᠢᠶ᠎ᠡ ᠶᠢ ᠰᠤᠷᠤᠯᠴᠠᠬᠤ᠂ ᠰᠦᠯᠵᠢᠶ᠎ᠡ ᠶᠢ ᠣᠶᠢᠯᠠᠭᠠᠬᠤ᠂ ᠰᠦᠯᠵᠢᠶ᠎ᠡ ᠶᠢ ᠬᠡᠷᠡᠭᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠶᠠᠷᠢᠶ᠎ᠠ ᠬᠡᠯᠡᠯᠴᠡᠭᠡ ᠶᠢ ᠵᠥᠪ ᠢᠶᠠᠷ ᠬᠥᠲᠥᠯᠥᠨ ᠵᠢᠯᠤᠭᠤᠳᠬᠤ ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠬᠦ ᠰᠢᠶᠠᠨ ᠤ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠨᠢᠭᠡᠳᠦᠮᠡᠯ ᠹᠷᠣᠨᠲ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠨᠠᠮ ᠤᠨ ᠦᠨᠳᠦᠰᠦᠲᠡᠨ ᠤ ᠠᠵᠢᠯ ᠪᠠ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠠᠵᠢᠯ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠵᠤ᠂ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠶᠢᠨ ᠪᠦᠬᠦ ᠰᠢᠶᠠᠨ ᠤ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠣᠨ ᠰᠢᠨ᠎ᠡ ᠴᠠᠭ ᠦᠶ᠎ᠡ ᠶᠢᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠡᠷᠡᠰ ᠲᠤᠭᠤᠰᠢᠯᠠᠭᠤᠯᠵᠤ᠂ ᠤᠨᠤᠯ ᠢᠶᠠᠷ ᠵᠡᠪᠰᠡᠭᠯᠡᠬᠦ᠂ ᠮᠡᠷᠭᠡᠳ ᠢ ᠰᠣᠩᠭᠤᠵᠤ ᠴᠢᠳᠠᠪᠤᠷᠢᠲᠠᠨ ᠢ ᠬᠡᠷᠡᠭᠯᠡᠬᠦ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ᠂ ᠴᠢᠳᠠᠪᠤᠷᠢᠲᠠᠨ ᠢ ᠬᠥᠮᠥᠵᠢᠭᠦᠯᠵᠦ ᠴᠢᠳᠠᠪᠤᠷᠢᠲᠠᠨ ᠢ ᠴᠤᠭᠯᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠪᠣᠯᠣᠨ ᠵᠣᠬᠢᠶᠠᠨ ᠪᠠᠶᠢᠭᠤᠯᠬᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠦᠴᠦᠸᠠᠨ ᠰᠢᠶᠠᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠪᠣᠯᠣᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号