ᠦᠴᠦᠸᠠᠨ ᠰᠢᠶᠠᠨ ᠤ ᠡᠯ᠎ᠡ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠢᠨ 2024 ᠣᠨ ᠤ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠠᠭᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/7
     ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠪᠣᠯ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠥᠷᠨᠢᠭᠦᠯᠬᠦ᠂ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠬᠤ᠂ ᠬᠤᠪᠢᠰᠬᠠᠯ ᠤᠨ ᠭᠧᠨ ᠢ ᠤᠯᠠᠮᠵᠢᠯᠠᠬᠤ ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠪᠠᠶᠠᠷ ᠤᠨ ᠡᠳᠦᠷ ᠲᠤ ᠠᠭᠤᠯᠤᠭᠳᠠᠵᠤ ᠪᠠᠶᠢᠭ᠎ᠠ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠤᠯᠠᠮᠵᠢᠯᠠᠯᠲᠤ ᠰᠣᠶᠣᠯ ᠤᠨ ᠠᠭᠤᠯᠬᠤᠨ ᠢ ᠭᠦᠢᠴᠡᠳ ᠠᠭᠤᠳᠠᠯᠵᠤ᠂ ᠨᠡᠶᠢᠭᠡᠮ ᠳᠠᠶᠠᠭᠠᠷ ᠲᠤ ᠪᠠᠭᠠᠲᠤᠷᠴᠤᠳ ᠢ ᠡᠷᠬᠢᠮᠯᠡᠨ ᠳᠡᠭᠡᠳᠦᠯᠡᠬᠦ᠂ ᠦᠷᠡᠭᠳᠡᠭᠰᠡᠨ ᠪᠠᠭᠠᠲᠤᠷᠴᠤᠳ ᠢᠶᠠᠨ ᠮᠥᠷᠥᠭᠡᠳᠦᠨ ᠰᠠᠨᠠᠭᠠᠯᠵᠠᠬᠤ ᠰᠠᠶᠢᠨ ᠰᠠᠶᠢᠬᠠᠨ ᠬᠡᠪ ᠰᠤᠷᠲᠠᠯ ᠢ ᠪᠤᠶ ᠪᠣᠯᠭᠠᠬᠤ ᠶᠢᠨ ᠲᠥᠯᠥᠭᠡ᠂ ᠦᠴᠦᠸᠠᠨ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ᠂ ᠦᠴᠦᠸᠠᠨ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠦᠴᠦᠸᠠᠨ ᠰᠢᠶᠠᠨ ᠤ ᠭᠠᠯ ᠤᠨᠲᠠᠷᠠᠭᠠᠨ ᠠᠪᠤᠷᠠᠨ ᠲᠤᠰᠠᠯᠠᠬᠤ ᠶᠡᠭᠡ ᠠᠩᠭᠢ᠂ ᠦᠴᠦᠸᠠᠨ ᠰᠢᠶᠠᠨ ᠤ ᠳᠣᠲᠣᠭᠠᠳᠤ  ᠶᠢ ᠬᠠᠮᠠᠭᠠᠯᠠᠬᠤ ᠲᠣᠪᠴᠢᠶ᠎ᠠ᠂ ᠦᠴᠦᠸᠠᠨ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠠᠮᠲᠤᠷᠠᠯᠴᠠᠭᠠᠨ ᠤ ᠬᠤᠯᠪᠣᠭᠠᠲᠤ ᠬᠤᠷᠢᠶ᠎ᠠ ᠵᠡᠷᠭᠡ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ ᠳᠤ ᠬᠦᠷᠴᠦ ︽ᠬᠠᠩᠰᠢ  ᠶᠢᠨ ᠡᠳᠦᠷ ᠦᠷᠡᠭᠳᠡᠭᠰᠡᠨ ᠪᠠᠭᠠᠲᠤᠷᠴᠤᠳ ᠵᠶ᠋ᠠᠨ‌‍ᠲ᠋ᠠᠭᠢᠬᠤ︾ ᠠᠵᠢᠯᠯᠠᠭ᠎ᠠ ᠥᠷᠨᠢᠭᠦᠯᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠡᠷᠬᠢᠮ ᠳᠡᠭᠡᠳᠦ ᠬᠦᠨᠳᠦᠳᠬᠡᠯ ᠪᠠ ᠭᠦᠨ᠎ᠡ ᠭᠠᠰᠢᠭᠤᠳᠠᠯ ᠤᠨ ᠰᠡᠳᠬᠢᠯᠭᠡ ᠪᠠᠨ ᠢᠯᠡᠳᠬᠡᠪᠡ᠃
     ᠰᠦᠷ ᠵᠢᠪᠬᠤᠯᠠᠩᠲᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ᠂ ᠡᠯ᠎ᠡ ᠪᠠᠶᠢᠭᠤᠯᠤᠯᠭ᠎ᠠ ᠨᠢᠭᠡᠴᠢ ᠶᠢᠨ ᠪᠦᠬᠦ ᠨᠠᠮ ᠤᠨ ᠭᠡᠰᠢᠭᠦᠨ ᠺᠠᠳ᠋ᠷ ᠬᠢᠴᠢᠶᠡᠩᠭᠦᠶᠢᠯᠡᠨ ᠵᠣᠭᠰᠣᠵᠤ᠂ ᠮᠡᠬᠦᠶᠢᠨ ᠶᠣᠰᠣᠯᠠᠵᠤ᠂ ᠭᠠᠷ ᠡᠷᠭᠦᠨ ᠨᠠᠮᠠᠨᠴᠢᠯᠠᠨ ᠭᠠᠰᠢᠭᠤᠳᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠭᠦᠨ᠎ᠡ ᠭᠠᠰᠢᠭᠤᠳᠠᠵᠤ ᠪᠠᠶᠢᠬᠤ ᠰᠡᠳᠬᠢᠯᠭᠡ ᠪᠠᠨ ᠢᠯᠡᠳᠬᠡᠪᠡ᠃ ᠨᠠᠮᠠᠨᠴᠢᠯᠠᠨ ᠭᠠᠰᠢᠭᠤᠳᠠᠵᠤ ᠪᠠᠷᠠᠭᠰᠠᠨ ᠤ ᠲᠠᠷᠠᠭ᠎ᠠ᠂ ᠡᠯ᠎ᠡ ᠪᠠᠶᠢᠭᠤᠯᠤᠯᠭ᠎ᠠ ᠨᠢᠭᠡᠴᠢ ᠶᠢᠨ ᠬᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠵᠦ᠂ ᠪᠦᠬᠦ ᠬᠥᠮᠥᠰ ᠳᠤᠷᠠᠰᠬᠠᠯ ᠤᠨ ᠬᠥᠰᠢᠶ᠎ᠡ ᠶᠢ ᠲᠣᠭᠤᠷᠢᠨ ᠶᠠᠪᠤᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠪᠠᠷᠠᠳᠠᠬᠤ ᠶᠢᠨ ᠬᠠᠮᠲᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠰᠣᠷᠭᠤᠭ ᠴᠡᠴᠡᠭ ᠬᠦᠷᠭᠡᠪᠡ᠃      ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷᠴᠤᠳ ᠦᠷᠡᠭᠳᠡᠭᠰᠡᠨ ᠪᠠᠭᠠᠲᠤᠷᠴᠤᠳ ᠤᠨ ᠭᠠᠪᠢᠶ᠎ᠠ ᠵᠢᠳᠬᠦᠯ ᠢ ᠪᠠᠲᠤ ᠴᠡᠭᠡᠵᠢᠯᠡᠵᠦ᠂ ᠦᠷᠡᠭᠳᠡᠭᠰᠡᠨ ᠪᠠᠭᠠᠲᠤᠷᠴᠤᠳ ᠤᠨ ᠭᠡᠷᠢᠶᠡᠰ ᠵᠣᠷᠢᠭ ᠢ ᠵᠠᠯᠭᠠᠮᠵᠢᠯᠠᠵᠤ᠂ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠶᠢ ᠲᠡᠮᠡᠴᠡᠯ ᠤᠨ ᠬᠥᠳᠡᠯᠭᠡᠬᠦ ᠬᠦᠴᠦᠨ ᠪᠣᠯᠭᠠᠵᠤ᠂ ᠴᠢᠩᠭ᠎ᠠ ᠬᠦᠴᠦᠲᠡᠢ ᠲᠡᠦᠬᠡ ᠶᠢᠨ ᠡᠭᠦᠷᠭᠡᠲᠦ ᠰᠡᠳᠬᠢᠯᠭᠡ ᠪᠣᠯᠣᠨ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠶᠢ ᠲᠤᠬᠠᠶᠢᠯᠠᠭᠰᠠᠨ ᠠᠵᠢᠯ ᠳᠠᠭᠠᠨ ᠣᠷᠣᠭᠤᠯᠵᠤ᠂ ᠪᠠᠭᠠᠲᠤᠷᠴᠤᠳ ᠢᠶᠠᠷ ᠳᠠᠭᠤᠷᠢᠶᠠᠯ ᠪᠣᠯᠭᠠᠵᠤ᠂ ᠡᠪ ᠬᠠᠮᠲᠤ ᠨᠠᠮ ᠤᠨ ᠭᠡᠰᠢᠭᠦᠨ ᠤ ᠲᠡᠷᠢᠭᠦᠨ ᠤ ᠴᠢᠨᠠᠷ ᠢ ᠡᠭᠦᠷᠢᠳᠡ ᠪᠠᠲᠤᠯᠠᠵᠤ᠂ ᠦᠴᠦᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠢᠯᠡᠳᠬᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号