ᠦᠴᠦᠸᠠᠨ ᠰᠢᠶᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠳᠠᠯᠠᠨ ᠬᠠᠷ᠎ᠠ ᠠᠭᠤᠯᠠ ᠶᠢᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠳᠤ ᠬᠠᠩᠰᠢ ᠶᠢᠨ ᠡᠳᠦᠷ ᠤᠨ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/7
     ᠬᠤᠪᠢᠰᠬᠠᠯ ᠤᠨ ᠭᠧᠨ ᠢ ᠤᠯᠠᠮᠵᠢᠯᠠᠵᠤ᠂ ᠪᠠᠭᠠᠲᠤᠷᠴᠤᠳ ᠤᠨ ᠵᠣᠷᠢᠭ ᠰᠠᠨᠠᠭᠠᠨ ᠤ ᠰᠤᠳᠠᠰᠤ ᠶᠢ ᠦᠷᠭᠦᠯᠵᠢᠯᠡᠭᠦᠯᠬᠦ ᠶᠢᠨ ᠲᠥᠯᠥᠭᠡ᠂ 4 ᠰᠠᠷ᠎ᠠ ᠶᠢᠨ 3 ᠤ ᠦᠳᠡ ᠶᠢᠨ ᠡᠮᠦᠨ᠎ᠡ᠂ ︽ᠰᠦᠭ ᠰᠦᠨᠡᠰᠦ ᠪᠠᠨ ᠴᠣᠭᠴᠠᠯᠠᠶ᠎ᠠ · 2024 ᠣᠨ ᠤ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠠᠬᠢᠬᠤ︾ ᠦᠴᠦᠸᠠᠨ ᠰᠢᠶᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠬᠠᠩᠰᠢ ᠶᠢᠨ ᠡᠳᠦᠷ ᠤᠨ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠳᠠᠯᠠᠨ ᠬᠠᠷ᠎ᠠ ᠠᠭᠤᠯᠠ ᠶᠢᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠳᠤ ᠶᠠᠪᠤᠭᠳᠠᠪᠠ᠃
     ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ ᠲᠡᠷᠢ ᠲᠡᠭᠰᠢ ᠵᠢᠭᠰᠠᠵᠤ᠂ ᠲᠥᠪ ᠬᠢᠴᠢᠶᠡᠩᠭᠦᠢ ᠪᠠᠷ ᠵᠣᠭᠰᠣᠨ᠎ᠠ᠃ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢ ᠳᠠᠭᠠᠯᠳᠤᠨ᠂ ᠤᠯᠠᠨ ᠢᠶᠠᠷ ᠢᠶᠠᠨ ᠲᠡᠷᠢ ᠲᠡᠭᠰᠢ ᠶᠣᠰᠣᠯᠠᠵᠤ᠂ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠬᠦᠨᠳᠦᠳᠬᠡᠨ ᠰᠠᠨᠠᠭᠠᠯᠵᠠᠵᠤ ᠪᠠᠶᠢᠬᠤ ᠰᠡᠳᠬᠢᠯᠭᠡ ᠪᠠᠨ ᠢᠯᠡᠳᠬᠡᠵᠡᠢ᠃ ᠲᠡᠳᠡ ᠳᠤᠷᠠᠰᠬᠠᠯ ᠤᠨ ᠬᠥᠰᠢᠶ᠎ᠡ ᠳᠤ ︽ᠪᠢᠳᠡ ᠪᠣᠯ ᠡᠪ ᠬᠠᠮᠲᠤ ᠶᠣᠰᠣᠨ ᠤ ᠵᠠᠯᠭᠠᠮᠵᠢᠯᠠᠭᠴᠢ︾ ᠭᠡᠳᠡᠭ ᠳᠠᠭᠤᠤ ᠶᠢ ᠡᠷᠭᠦᠨ ᠳᠠᠭᠤᠯᠠᠬᠤ ᠶᠢᠨ ᠬᠠᠮᠲᠤ ᠶᠣᠰᠣᠯᠠᠪᠠ᠃
     ᠳᠠᠷᠠᠭ᠎ᠠ ᠳᠤᠨᠢ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠥᠯᠥᠭᠡᠯᠡᠭᠴᠢ ᠳᠡᠰ ᠳᠠᠷᠠᠭ᠎ᠠ ᠲᠠᠢ ᠪᠠᠷ ᠲᠠᠶᠢᠰᠠᠨ ᠳᠤ ᠭᠠᠷᠴᠤ ᠶᠠᠷᠢᠶ᠎ᠠ ᠲᠠᠯᠪᠢᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠮᠥᠷᠥᠭᠡᠳᠦᠨ ᠰᠠᠨᠠᠭᠠᠯᠵᠠᠵᠤ ᠪᠠᠶᠢᠬᠤ ᠰᠡᠳᠬᠢᠯᠭᠡ ᠪᠠᠨ ᠢᠯᠡᠳᠬᠡᠵᠦ᠂ ᠬᠤᠪᠢᠰᠬᠠᠯ ᠤᠨ ᠭᠧᠨ ᠢ ᠤᠯᠠᠮᠵᠢᠯᠠᠨ ᠵᠠᠯᠭᠠᠮᠵᠢᠯᠠᠵᠤ᠂ ᠴᠠᠭ ᠦᠶ᠎ᠡ ᠶᠢᠨ ᠰᠢᠨ᠎ᠡ ᠬᠥᠮᠥᠨ ᠪᠣᠯᠬᠤ ᠪᠠᠷ ᠵᠣᠷᠢᠭ ᠰᠢᠭᠤᠳᠪᠠ᠃
     ᠰᠢᠶᠠᠨ ᠤ ᠡᠪᠯᠡᠯ ᠤᠨ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠣᠨ ᠪᠠᠭᠰᠢ ᠨᠠᠷ ᠪᠦᠬᠦ ᠬᠥᠮᠥᠰ ᠢ ᠲᠥᠯᠥᠭᠡᠯᠡᠨ ᠰᠣᠷᠭᠤᠭ ᠴᠡᠴᠡᠭ ᠬᠦᠷᠭᠡᠵᠦ᠂ ᠦᠷᠡᠭᠳᠡᠭᠰᠡᠨ ᠪᠠᠭᠠᠲᠤᠷᠴᠤᠳ ᠢ ᠪᠠᠷᠠᠳᠠᠵᠤ᠂ ᠦᠷᠡᠭᠳᠡᠭᠰᠡᠨ ᠪᠠᠭᠠᠲᠤᠷᠴᠤᠳ ᠲᠤ ᠬᠢᠵᠠᠭᠠᠯᠠᠰᠢ ᠦᠭᠡᠢ ᠬᠦᠨᠳᠦᠳᠬᠡᠯ ᠪᠠ ᠭᠠᠰᠢᠭᠤᠳᠠᠯ ᠢᠶᠠᠨ ᠢᠯᠡᠳᠬᠡᠪᠡ᠃
     ᠪᠦᠬᠦ ᠬᠥᠮᠥᠰ ᠬᠢᠴᠢᠶᠡᠩᠭᠦᠶᠢᠯᠡᠨ ᠵᠣᠭᠰᠣᠵᠤ ᠨᠠᠮᠠᠨᠴᠢᠯᠠᠨ ᠭᠠᠰᠢᠭᠤᠳᠠᠵᠤ᠂ ᠬᠠᠮᠤᠭ ᠤᠨ ᠴᠢᠩ ᠰᠡᠳᠬᠢᠯ ᠤᠨ ᠬᠦᠨᠳᠦᠳᠬᠡᠯ ᠢᠶᠠᠷ ᠢᠶᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠨᠠᠮᠠᠨᠴᠢᠯᠠᠨ ᠭᠠᠰᠢᠭᠤᠳᠠᠵᠤ ᠪᠠᠶᠢᠬᠤ ᠪᠠᠨ ᠢᠯᠡᠳᠬᠡᠪᠡ᠃ ᠨᠠᠮᠠᠨᠴᠢᠯᠠᠨ ᠭᠠᠰᠢᠭᠤᠳᠠᠵᠤ ᠪᠠᠷᠠᠭᠰᠠᠨ ᠤ ᠲᠠᠷᠠᠭ᠎ᠠ᠂ ᠲᠡᠳᠡ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ ᠮᠥᠷᠯᠡᠨ ᠵᠣᠭᠰᠣᠵᠤ ᠪᠠᠷᠠᠳᠠᠵᠤ᠂ ᠪᠢᠰᠢᠷᠡᠨ ᠬᠦᠨᠳᠦᠳᠬᠡᠬᠦ ᠰᠡᠳᠬᠢᠯᠭᠡ ᠪᠠᠷ ᠠᠯᠭᠤᠷᠬᠠᠨ ᠨᠢᠭᠡ ᠲᠣᠭᠤᠷᠢᠨ ᠶᠠᠪᠤᠬᠤ ᠶᠢᠨ ᠬᠠᠮᠲᠤ ᠭᠠᠷ ᠲᠠᠬᠢ ᠰᠣᠷᠭᠤᠭ ᠴᠡᠴᠡᠭ ᠢᠶᠠᠨ ᠭᠦᠨ ᠰᠡᠳᠬᠢᠯᠭᠡ ᠲᠠᠢ ᠪᠠᠷ ᠡᠷᠭᠦᠵᠦ᠂ ᠠᠷᠠᠳ ᠤᠨ ᠪᠠᠭᠠᠲᠤᠷᠴᠤᠳ ᠢ ᠭᠦᠨ᠎ᠡ ᠮᠥᠷᠥᠭᠡᠳᠦᠨ ᠰᠠᠨᠠᠭᠠᠯᠵᠠᠵᠤ ᠪᠠᠶᠢᠬᠤ ᠪᠠ ᠡᠷᠬᠢᠮ ᠳᠡᠭᠡᠳᠦ ᠬᠦᠨᠳᠦᠳᠬᠡᠯ ᠢᠶᠠᠨ ᠢᠯᠡᠳᠬᠡᠵᠦ᠂ ᠲᠡᠳᠡᠨ ᠤ ᠨᠠᠮ ᠳᠠᠭᠠᠨ ᠬᠤᠪᠢᠷᠠᠰᠢ ᠦᠭᠡᠢ ᠦᠨᠡᠨᠴᠢ ᠰᠢᠳᠤᠷᠭᠤ᠂ ᠦᠬᠦᠵᠦ ᠰᠡᠭᠡᠬᠦ ᠪᠠᠨ ᠦᠯᠦ ᠮᠠᠷᠲᠠᠬᠤ ᠡᠷᠬᠢᠮ ᠳᠡᠭᠡᠳᠦ ᠵᠣᠷᠢᠭ ᠰᠠᠨᠠᠭ᠎ᠠ ᠶᠢ ᠳᠤᠷᠠᠰᠤᠨ ᠰᠠᠨᠠᠭᠠᠯᠵᠠᠪᠠ᠃
     ᠠᠵᠢᠯᠯᠠᠭ᠎ᠠ ᠶᠢᠨ ᠡᠴᠦᠰ ᠲᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠪᠠᠭᠠᠴᠤᠳ ᠤᠨ ᠬᠤᠰᠢᠭᠤᠴᠢ ᠠᠩᠭᠢ ᠶᠢᠨ ᠲᠤᠭ ᠤᠨ ᠡᠮᠦᠨ᠎ᠡ᠂ ᠠᠩᠭᠢ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠵᠤ᠂ ᠬᠠᠳᠠᠨ ᠲᠠᠩᠭᠠᠷᠢᠭ ᠲᠠᠭᠠᠨ ᠦᠷᠡᠭᠳᠡᠭᠰᠡᠨ ᠪᠠᠭᠠᠲᠤᠷᠴᠤᠳ ᠤᠨ ᠠᠮᠢ ᠪᠡᠶ᠎ᠡ ᠪᠠᠨ ᠴᠦᠯᠡᠬᠦ ᠬᠤᠪᠢᠰᠬᠠᠯᠲᠤ ᠰᠡᠳᠬᠢᠯᠭᠡ ᠳᠤ ᠬᠦᠨᠳᠦᠳᠬᠡᠯ ᠳᠡᠪᠰᠢᠭᠦᠯᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号