ᠦᠴᠦᠸᠠᠨ ᠰᠢᠶᠠᠨ ᠤ ᠤᠯᠠᠨ ᠰᠠᠯᠠᠭ᠎ᠠ ᠮᠥᠴᠢᠷ ᠬᠠᠮᠲᠤᠷᠠᠨ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠠᠬᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/7
     4 ᠰᠠᠷ᠎ᠠ ᠶᠢᠨ 3 ᠤ ᠡᠳᠦᠷ᠂ ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠶᠢᠨ ᠲᠥᠯᠥᠭᠡ᠂ ᠦᠴᠦᠸᠠᠨ ᠰᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠶᠠᠨ ᠤ ᠭᠤᠸᠠᠩ ᠷᠥᠩ ᠬᠦᠷᠢᠶᠡᠯᠡᠩ ᠤᠨ ᠪᠦᠬᠦ ᠺᠠᠳ᠋ᠷ ᠠᠵᠢᠯᠲᠠᠳ ᠲᠠᠢ ᠬᠠᠮᠲᠤᠷᠠᠨ ᠲᠠᠯᠠᠨ ᠬᠠᠷ᠎ᠠ ᠠᠭᠤᠯᠠ ᠶᠢᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠳᠤ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠠᠬᠢᠬᠤ ᠠᠵᠢᠯᠯᠠᠭ᠎ᠠ ᠥᠷᠨᠢᠭᠦᠯᠵᠦ᠂ ᠦᠷᠡᠭᠳᠡᠭᠰᠡᠨ ᠪᠠᠭᠠᠲᠤᠷᠴᠤᠳ ᠢᠶᠠᠨ ᠬᠢᠵᠠᠭᠠᠯᠠᠰᠢ ᠦᠭᠡᠢ ᠬᠦᠨᠳᠦᠳᠬᠡᠨ ᠪᠢᠰᠢᠷᠡᠵᠦ ᠪᠠᠶᠢᠬᠤ ᠪᠠ ᠭᠦᠨ᠎ᠡ ᠳᠤᠷᠠᠰᠤᠨ ᠰᠠᠨᠠᠭᠠᠯᠵᠠᠵᠤ ᠪᠠᠶᠢᠬᠤ ᠰᠡᠳᠬᠢᠯᠭᠡ ᠪᠠᠨ ᠢᠯᠡᠳᠬᠡᠪᠡ᠃
     ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠰᠡᠬᠦᠶᠢᠨ ᠰᠦᠨᠳᠡᠷᠯᠡᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠰᠡᠶᠢᠯᠵᠦ᠂ ᠬᠤᠪᠢᠰᠬᠠᠯ ᠤᠨ ᠵᠣᠷᠢᠭ ᠰᠠᠨᠠᠭᠠᠨ ᠤ ᠥᠨᠢ ᠡᠭᠦᠷᠢᠳᠡ ᠭᠡᠷᠡᠯ ᠭᠢᠯᠪᠠᠭ᠎ᠠ ᠪᠠᠨ ᠰᠠᠴᠤᠷᠠᠭᠤᠯᠤᠭᠰᠠᠨ ᠢ ᠬᠠᠷᠠᠭᠤᠯᠪᠠ᠃ ᠲᠠᠯᠠᠪᠠᠢ ᠶᠢᠨ ᠡᠮᠦᠨ᠎ᠡ᠂ ᠪᠦᠬᠦ ᠬᠥᠮᠥᠰ ᠲᠡᠷᠢ ᠲᠡᠭᠰᠢ ᠮᠥᠷᠯᠡᠵᠦ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠳᠤ ᠮᠡᠬᠦᠶᠢᠨ ᠶᠣᠰᠣᠯᠠᠵᠤ᠂ ᠰᠣᠷᠭᠤᠭ ᠴᠡᠴᠡᠭ ᠬᠦᠷᠭᠡᠵᠦ᠂ ᠬᠦᠨᠳᠦᠳᠬᠡᠯ ᠢᠶᠠᠨ ᠳᠡᠪᠰᠢᠭᠦᠯᠪᠡ᠃
     ᠡᠨᠡ ᠤᠳᠠᠭ᠎ᠠ ᠶᠢᠨ ᠠᠵᠢᠯᠯᠠᠭ᠎ᠠ ᠨᠢ ᠪᠦᠬᠦ ᠬᠥᠮᠥᠰ ᠲᠤ ᠨᠢᠭᠡ ᠤᠳᠠᠭ᠎ᠠ ᠶᠢᠨ ᠲᠥᠪ ᠴᠢᠩᠭ᠎ᠠ ᠤᠶᠤᠨ ᠰᠠᠨᠠᠭᠠᠨ ᠤ ᠤᠬᠢᠶᠠᠯ ᠬᠦᠷᠲᠡᠭᠡᠵᠦ᠂ ᠦᠷᠡᠭᠳᠡᠭᠰᠡᠨ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠬᠦ ᠶᠢᠨ ᠳᠤᠮᠳᠠ ᠤᠯᠠᠭᠠᠨ ᠰᠤᠳᠠᠰᠤ ᠶᠢ ᠦᠷᠭᠦᠯᠵᠢᠯᠡᠭᠦᠯᠵᠦ᠂ ᠥᠨᠥᠳᠥᠷ ᠤᠨ ᠶᠠᠪᠤᠳᠠᠯ ᠠᠴᠠ ᠥᠩᠭᠡᠷᠡᠭᠰᠡᠨ ᠤ ᠶᠠᠪᠤᠳᠠᠯ ᠢ ᠡᠷᠭᠢᠴᠡᠭᠦᠯᠬᠦ ᠶᠢᠨ ᠳᠤᠮᠳᠠ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠪᠠ᠃
     ᠳᠠᠷᠠᠭ᠎ᠠ ᠳᠤᠨᠢ᠂ ᠨᠢᠭᠡ ᠪᠦᠯᠦᠭ ᠬᠥᠮᠥᠰ ᠬᠤᠭᠤᠯᠠᠢ ᠠᠭᠤᠯᠠ ᠰᠢᠶᠠᠩ ᠤᠨ ᠳ᠋ᠠ ᠱᠠ ᠳ᠋ᠠᠢ ᠲᠣᠰᠬᠤᠨ ᠳᠤ ᠬᠦᠷᠴᠦ ᠵᠠᠩ ᠯᠧᠢ ᠨᠥᠬᠦᠷ ᠤᠨ ᠭᠡᠷ ᠪᠦᠯᠢ ᠶᠢᠨ ᠬᠢᠨ ᠳᠤ ᠪᠠᠶᠠᠷ ᠤᠨ ᠮᠡᠳᠡᠭᠡ ᠪᠣᠯᠣᠨ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠵᠥᠩᠨᠡᠯ ᠳᠡᠪᠰᠢᠭᠦᠯᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号