ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠤᠯᠠᠰᠢᠨ ᠭᠠᠵᠠᠷ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠲᠦᠷᠭᠡᠳᠬᠡᠨ ᠠᠬᠢᠭᠤᠯᠬᠤ ᠲᠤᠬᠠᠢ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/4/8
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ᠄      ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠤᠯᠠᠰᠢᠨ ᠭᠠᠵᠠᠷ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠵᠡᠷᠭᠡ 11 ᠰᠠᠯᠠᠭ᠎ᠠ ᠮᠥᠴᠢᠷ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠤᠯᠠᠰᠢᠨ ᠭᠠᠵᠠᠷ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ﹀ ᠪᠠ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠤᠯᠠᠰᠢᠨ ᠭᠠᠵᠠᠷ ᠢ ᠣᠷᠳᠣ ᠬᠤᠭᠤᠴᠠᠭ᠎ᠠ ᠪᠠᠷ ᠪᠦᠲᠦᠮᠵᠢᠲᠡᠶ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠠᠷᠠᠳ ᠵᠠᠰᠠᠭ ᠲᠠᠷᠬᠠᠭᠠᠭᠰᠠᠨ ︹ 2020︺ 99 ᠳ᠋ᠦ᠋ᠭᠡᠷ ᠲᠣᠭᠠᠲᠤ︶᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠳᠤᠷ᠎ᠠ ᠪᠠᠷ ᠢᠶᠠᠨ ᠪᠤᠯᠠᠬᠤ᠂ ᠠᠮᠢᠳᠤ ᠬᠥᠮᠥᠨ ᠤ ᠣᠩᠭᠤᠨ ᠢ ᠰᠡᠯᠪᠢᠨ ᠵᠠᠰᠠᠬᠤ᠂ ᠲᠣᠮᠣ ᠣᠩᠭᠤᠨ ᠢ ᠬᠠᠲᠠᠭᠤᠷᠠᠭᠤᠯᠬᠤ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠲᠤᠬᠠᠢ ᠠᠵᠢᠯ ᠤᠨ ᠲᠥᠰᠥᠯ︾ ︵ᠬᠥᠬᠡᠬᠤᠲᠠ ᠵᠠᠰᠠᠭ ᠠᠯᠪᠠᠨ ︹ 2021︺ 14 ᠳ᠋ᠦ᠋ᠭᠡᠷ ᠲᠣᠭᠠᠲᠤ︶᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ︽︿ᠭᠤᠷᠪᠠᠨ ᠳᠠᠭᠠᠤ ᠲᠤᠯᠤᠭᠠᠨ ᠣᠷᠣᠨ﹀ ᠤ ᠬᠡᠪᠴᠢᠶᠡᠨ ᠳᠠᠬᠢ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠤᠯᠠᠰᠢᠨ ᠭᠠᠵᠠᠷ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ 2025 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ︽ᠭᠤᠷᠪᠠᠨ ᠳᠠᠭᠠᠤ ᠲᠤᠯᠤᠭᠠᠨ ᠣᠷᠣᠨ︾ ︵︽ᠭᠤᠷᠪᠠᠨ ᠳᠠᠭᠠᠤ︾ ᠭᠡᠳᠡᠭ ᠨᠢ ᠵᠠᠰᠠᠮᠠᠯ ᠵᠠᠮ᠂ ᠲᠡᠮᠦᠷ ᠵᠠᠮ ᠳᠠᠭᠠᠤ᠂ ᠭᠤᠣᠯ ᠮᠥᠷᠡᠨ ᠭᠤᠣᠯ ᠵᠠᠮ ᠤᠨ ᠬᠤᠶᠠᠷ ᠬᠠᠵᠠᠭᠤ ᠶᠢᠨ ᠦᠵᠡᠵᠦ ᠪᠣᠯᠬᠤ ᠬᠡᠪᠴᠢᠶ᠎ᠡ ᠶᠢ ᠵᠢᠭᠠᠵᠤ ᠪᠤᠶ︔ ︽ᠳᠣᠯᠣᠭᠠᠨ ᠣᠷᠣᠨ︾ ᠭᠡᠳᠡᠭ ᠨᠢ ᠬᠤᠲᠠ ᠪᠠᠯᠭᠠᠰᠤ ᠶᠢᠨ ᠲᠥᠯᠦᠪᠵᠢᠭᠦᠯᠭᠡ ᠶᠢᠨ ᠣᠷᠣᠨ᠂ ᠦᠵᠡᠮᠵᠢ ᠶᠢᠨ ᠨᠡᠷᠡᠲᠦ ᠣᠷᠣᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠦᠨᠳᠦᠰᠦᠨ ᠲᠠᠷᠢᠶᠠᠨ ᠭᠠᠵᠠᠷ᠂ ᠣᠶ ᠰᠢᠭᠤᠢ ᠨᠤᠲᠤᠭ ᠪᠡᠯᠴᠢᠭᠡᠷ ᠢ ᠵᠢᠭᠠᠵᠤ ᠪᠤᠶ︶ ᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠤᠯᠠᠰᠢᠨ ᠭᠠᠵᠠᠷ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠤᠯᠠᠰᠢᠨ ᠭᠠᠵᠠᠷ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠣᠳᠣᠬᠠᠨ ᠳᠤ ᠳᠡᠭᠡᠭᠰᠢ ᠮᠡᠳᠡᠭᠦᠯᠦᠭᠰᠡᠨ᠂ ᠡᠵᠡᠮᠰᠢᠭᠰᠡᠨ ᠪᠠᠶᠢᠳᠠᠯ ᠠᠴᠠ ᠦᠵᠡᠪᠡᠯ᠂ ᠡᠯ᠎ᠡ ᠰᠢᠶᠠᠩ ᠪᠠᠯᠭᠠᠰᠤ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠣᠰ ᠠᠵᠢᠯ ᠢ ᠬᠦᠴᠦᠲᠡᠢ ᠠᠬᠢᠭᠤᠯᠤᠭᠰᠠᠨ ᠦᠭᠡᠢ᠂ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠥᠷᠨᠢᠭᠦᠯᠦᠭᠰᠡᠨ ᠦᠭᠡᠢ᠂ ᠪᠡᠷᠬᠡᠰᠢᠶᠡᠬᠦ ᠰᠡᠳᠬᠢᠯᠭᠡ ᠣᠷᠣᠰᠢᠵᠤ ᠪᠠᠶᠢᠨ᠎ᠠ᠃ ᠳᠡᠭᠡᠷᠡᠬᠢ ᠠᠰᠠᠭᠤᠳᠠᠯ ᠳᠤ ᠴᠢᠭᠯᠡᠭᠦᠯᠦᠨ᠂ ᠳᠣᠣᠷᠠᠬᠢ ᠭᠤᠷᠪᠠᠨ ᠲᠠᠯ᠎ᠠ ᠶᠢᠨ ᠰᠠᠨᠠᠯ ᠢ ᠳᠤᠷᠠᠳᠤᠶ᠎ᠠ᠃      ᠨᠢᠭᠡ᠂ ᠦᠵᠡᠯ ᠰᠠᠨᠠᠭ᠎ᠠ ᠲᠠᠨᠢᠯᠲᠠ ᠪᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰᠬᠠᠢ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ       ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠤᠯᠠᠰᠢᠨ ᠭᠠᠵᠠᠷ ᠢ ᠴᠡᠭᠴᠡᠯᠡᠨ ᠵᠠᠰᠠᠬᠤ ᠪᠣᠯ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠬᠤ ᠶᠡᠭᠡ ᠶᠠᠪᠤᠳᠠᠯ ᠪᠣᠯᠣᠨ᠎ᠠ᠃ ᠮᠠᠨ ᠤ ᠰᠢᠶᠠᠨ ᠵᠢᠯ ᠪᠦᠷᠢ 2000 ᠭᠠᠷᠤᠢ ᠬᠥᠮᠥᠨ ᠦᠬᠦᠵᠦ᠂ ᠠᠷᠠᠳ ᠣᠯᠠᠨ ᠤ ︽ᠨᠠᠰᠣ ᠨᠥᠭᠴᠢᠭᠰᠡᠳ ᠢ ᠣᠷᠣᠰᠢᠭᠤᠯᠬᠤ ᠭᠠᠵᠠᠷ ᠲᠠᠢ︾ ᠬᠦᠰᠡᠯ ᠡᠷᠡᠮᠡᠯᠵᠡᠯ ᠡᠳᠦᠷ ᠢᠷᠡᠬᠦᠶ᠎ᠡ ᠳᠡᠭᠡᠭᠰᠢᠯᠡᠵᠦ ᠪᠣᠢ᠃ ᠡᠯ᠎ᠡ ᠰᠢᠶᠠᠩ ᠪᠠᠯᠭᠠᠰᠤ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ︽ᠳᠥᠷᠪᠡᠨ ᠤᠬᠠᠮᠰᠠᠷ︾ ᠢ ᠦᠨᠡᠨ ᠬᠦ ᠴᠢᠩᠭᠠᠳᠬᠠᠬᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠥᠨᠳᠥᠷᠴᠡ ᠠᠴᠠ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠡᠭᠡᠷ᠎ᠡ ᠦᠨᠡᠨ ᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯ ᠢ ᠲᠣᠭᠲᠠᠭᠤᠨ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠶᠠᠷ᠂ ᠲᠤᠰᠬᠠᠢ ᠴᠡᠭᠴᠡᠯᠡᠨ ᠵᠠᠰᠠᠬᠤ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠠᠬᠢᠭᠤᠯᠬᠤ ᠬᠡᠷᠡᠭᠲᠡᠢ      ᠡᠯ᠎ᠡ ᠰᠢᠶᠠᠩ ᠪᠠᠯᠭᠠᠰᠤ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠤᠯᠠᠰᠢᠨ ᠭᠠᠵᠠᠷ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠬᠠᠩᠰᠢ ᠶᠢᠨ ᠡᠳᠦᠷ ᠵᠡᠷᠭᠡ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠠᠳᠬᠤᠵᠤ᠂ ᠲᠤᠬᠠᠢ ᠶᠢᠨ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ ᠪᠣᠳᠠᠲᠠᠢ ᠶᠢ ᠡᠷᠬᠢᠮᠯᠡᠬᠦ ᠠᠵᠢᠯ ᠤᠨ ᠲᠥᠰᠥᠯ ᠲᠣᠭᠲᠠᠭᠠᠵᠤ᠂ ᠴᠡᠭᠴᠡᠯᠡᠨ ᠵᠠᠰᠠᠬᠤ ᠶᠢ ᠦᠳᠲᠡᠷ ᠲᠦᠷᠭᠡᠨ ᠥᠷᠨᠢᠭᠦᠯᠵᠦ᠂ ᠴᠠᠭ ᠤᠨ ᠠᠬᠢᠴᠠ ᠪᠠ ᠡᠭᠦᠷᠭᠡ ᠶᠢᠨ ᠱᠠᠭᠠᠷᠳᠠᠯᠭ᠎ᠠ ᠶᠢ ᠰᠠᠶᠢᠲᠤᠷ ᠡᠵᠡᠮᠳᠡᠵᠦ᠂ ᠨᠢᠭᠡ ᠨᠢᠭᠡ ᠵᠠᠩᠭᠢᠶᠠᠰᠤ ᠪᠠᠷ ᠯᠠᠪᠳᠠᠭᠤᠨ ᠪᠠᠲᠤᠲᠠᠢ ᠠᠬᠢᠭᠤᠯᠵᠤ᠂ ᠨᠢᠭᠡ ᠨᠢᠭᠡ ᠠᠰᠠᠭᠤᠳᠠᠯ ᠢᠶᠠᠷ ᠮᠥᠷᠳᠡᠨ ᠰᠢᠢᠳᠪᠦᠷᠢᠯᠡᠵᠦ᠂ ᠨᠢᠭᠡ ᠨᠢᠭᠡ ᠬᠦᠴᠢᠷ ᠪᠣᠭᠤᠮᠲᠠ ᠶᠢ ᠰᠢᠪᠲᠤᠯᠤᠨ ᠭᠠᠷᠴᠤ᠂ ᠴᠢᠨᠠᠷ ᠴᠢᠨᠰᠠᠭ᠎ᠠ ᠲᠠᠢ ᠲᠤᠭ᠎ᠠ ᠬᠡᠮᠵᠢᠶ᠎ᠡ ᠶᠣᠰᠣᠭᠠᠷ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠡᠨᠡ ᠤᠳᠠᠭ᠎ᠠ ᠶᠢᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠬᠦ ᠨᠢ ᠪᠠᠰᠠ ᠴᠤ ᠨᠢᠭᠡ ᠤᠳᠠᠭ᠎ᠠ ᠶᠢᠨ ᠪᠦᠬᠦ ᠲᠠᠯ᠎ᠠ ᠪᠠᠷ ᠪᠠᠶᠢᠳᠠᠯ ᠢ ᠣᠶᠢᠯᠠᠭᠠᠵᠤ ᠴᠡᠭᠴᠡᠯᠡᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠰᠠᠶᠢᠨ ᠲᠣᠬᠢᠶᠠᠯ ᠪᠣᠯᠣᠨ᠎ᠠ᠂ ᠡᠯ᠎ᠡ ᠰᠢᠶᠠᠩ ᠪᠠᠯᠭᠠᠰᠤ ᠡᠨᠡ ᠤᠳᠠᠭ᠎ᠠ ᠶᠢᠨ ᠠᠵᠠ ᠲᠣᠬᠢᠶᠠᠯ ᠢ ᠠᠮᠵᠢᠨ ᠰᠠᠭᠤᠷᠢ ᠲᠤᠭ᠎ᠠ ᠪᠣᠯᠣᠨ ᠠᠰᠠᠭᠤᠳᠠᠯ ᠢ ᠳ᠋ᠦᠩᠨᠡᠨ ᠪᠣᠯᠪᠠᠰᠤᠷᠠᠭᠤᠯᠤᠭᠰᠠᠨ ᠰᠠᠶᠢᠨ ᠠᠵᠢᠯ ᠤᠨ ᠠᠷᠭ᠎ᠠ ᠬᠢᠳᠡᠯ ᠢ ᠣᠶᠢᠯᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠷᠠᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ      ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠦᠷᠦᠭᠦᠯᠡᠨ ᠵᠣᠬᠢᠴᠠᠭᠤᠯᠬᠤ ᠦᠢᠯᠡᠳᠦᠯ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠪᠠᠶᠢᠩᠭᠤ ᠲᠣᠬᠢᠷᠠᠭᠤᠯᠤᠯᠲᠠ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠶ ᠠᠬᠢᠭᠤᠯᠬᠤ ᠬᠡᠷᠡᠭᠲᠡᠢ︔ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ᠂ ᠲᠡᠦᠬᠡ ᠶᠢᠨ ᠲᠥᠪᠯᠡᠷᠡᠭᠰᠡᠨ ᠪᠤᠯᠠᠰᠢᠨ ᠭᠠᠵᠠᠷ ᠢ ᠵᠢᠷᠤᠮᠵᠢᠭᠤᠯᠬᠤ ᠠᠵᠢᠯ ᠢ ᠠᠬᠢᠭᠤᠯᠬᠤ ᠶᠢ ᠭᠤᠣᠯᠳᠠᠯᠭ᠎ᠠ ᠲᠠᠢ ᠠᠵᠢᠯ ᠪᠣᠯᠭᠠᠵᠤ᠂ ᠡᠳ᠋ ᠤᠨ ᠵᠠᠰᠠᠭ ᠤᠨ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠤᠯᠠᠰᠢᠨ ᠭᠠᠵᠠᠷ ᠢ ᠴᠡᠭᠴᠡᠯᠡᠨ ᠵᠠᠰᠠᠬᠤ ᠲᠤᠰᠬᠠᠢ ᠪᠡᠯᠡ ᠮᠥᠩᠭᠦ ᠶᠢ ᠴᠠᠭ ᠲᠤᠬᠠᠢ ᠳᠤᠨᠢ ᠥᠭᠬᠦ ᠶᠢ ᠢᠳᠡᠪᠬᠢᠲᠡᠢ ᠵᠣᠬᠢᠴᠠᠭᠤᠯᠵᠤ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃                                      ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                                        2024 ᠣᠨ ᠤ 3 ᠰᠠᠷ᠎ᠠ ᠶᠢᠨ 25 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号