ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠳᠤᠷᠢᠳᠬᠤ ᠳᠤᠭᠤᠶᠢᠯᠠᠩ ᠳᠤ ᠲᠣᠬᠢᠷᠠᠭᠤᠯᠤᠯᠲᠠ ᠬᠢᠬᠦ ᠲᠤᠬᠠᠢ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/4/8
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠡᠯ᠎ᠡ ᠰᠠᠯᠠᠭ᠎ᠠ ᠮᠥᠴᠢᠷ᠂ ᠹᠧᠢ ᠳ᠋ᠢ ᠠᠵᠤ ᠠᠬᠤᠢ ᠶᠢᠨ ᠬᠠᠷᠢᠯᠴᠠᠭᠠᠨ ᠤ ᠠᠯᠪᠠᠨ ᠭᠡᠷ᠂   ᠶᠢᠨ ᠰᠠᠨ ᠵᠢᠶᠣᠣ ᠬᠦᠷᠢᠶᠡᠯᠡᠩ ᠲᠣᠭᠤᠷᠢᠭ᠂ ᠡᠯ᠎ᠡ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ᠄    ᠮᠠᠨ ᠤ ᠰᠢᠶᠠᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠰᠤᠳᠤᠯᠬᠤ ᠪᠠᠷ ᠳᠡᠮᠵᠢᠨ᠂ ᠪᠥᠬᠦ ᠰᠢᠶᠠᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠳᠤᠷᠢᠳᠬᠤ ᠳᠤᠭᠤᠶᠢᠯᠠᠩ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠃ ᠪᠣᠳᠠᠲᠠᠢ ᠪᠠᠶᠢᠳᠠᠯ ᠨᠢ ᠳᠣᠣᠷᠠᠬᠢ ᠮᠡᠲᠦ᠄    ᠨᠢᠭᠡ᠂ ᠤᠳᠤᠷᠢᠳᠬᠤ ᠳᠤᠭᠤᠶᠢᠯᠠᠩ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ    ᠳᠤᠭᠤᠶᠢᠯᠠᠩ ᠤᠨ ᠳᠠᠷᠤᠭ᠎ᠠ᠄ ᠬᠠᠳᠠ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄ ᠶᠠᠩ ᠶᠦᠩ ᠭᠠᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ    ᠯᠢ ᠮᠢᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠰᠢᠶᠠᠨ ᠤ ᠳᠡᠳ᠋ ᠳᠠᠷᠤᠭ᠎ᠠ    ᠨᠢᠦ ᠶᠤᠸᠠᠨ ᠵᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ    ᠷᠦᠩ ᠱᠢ ᠱᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ    ᠼᠦᠢ ᠵᠧᠨ ᠬᠤᠸᠠ ᠰᠢᠶᠠᠨ ᠤ ᠳᠡᠳ᠋ ᠳᠠᠷᠤᠭ᠎ᠠ    ᠶᠦᠨ ᠰᠢᠶᠣᠣ ᠮᠢᠨ ᠰᠢᠶᠠᠨ ᠤ ᠳᠡᠳ᠋ ᠳᠠᠷᠤᠭ᠎ᠠ    ᠵᠠᠩ ᠵᠢᠶᠧ ᠰᠢᠶᠠᠨ ᠤ ᠳᠡᠳ᠋ ᠳᠠᠷᠤᠭ᠎ᠠ    ᠬᠦᠢ ᠭᠦᠸᠧ ᠰᠢᠨ ᠰᠢᠶᠠᠨ ᠤ ᠳᠡᠳ᠋ ᠳᠠᠷᠤᠭ᠎ᠠ    ᠪᠦᠷᠢᠯᠳᠦᠭᠦᠨ ᠨᠢᠭᠡᠴᠢ᠄ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠪᠠ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠹᠧᠢ ᠳ᠋ᠢ ᠠᠵᠤ ᠠᠬᠤᠢ ᠶᠢᠨ ᠬᠠᠷᠢᠯᠴᠠᠭᠠᠨ ᠤ ᠠᠯᠪᠠᠨ ᠭᠡᠷ᠂ ᠶᠢᠨ ᠰᠠᠨ ᠵᠢᠶᠣᠣ ᠬᠦᠷᠢᠶᠡᠯᠡᠩ ᠲᠣᠭᠤᠷᠢᠭ᠂ ᠭᠠᠵᠠᠷ ᠰᠢᠷᠣᠢ ᠬᠤᠳᠠᠯᠳᠤᠨ ᠠᠪᠴᠤ ᠨᠥᠭᠡᠴᠡᠯᠡᠬᠦ ᠲᠥᠪ᠂ ᠭᠠᠯ ᠤᠨᠲᠠᠷᠠᠭᠠᠬᠤ ᠶᠡᠭᠡ ᠠᠩᠭᠢ᠂ ᠴᠠᠬᠢᠯᠭᠠᠨ ᠬᠠᠩᠭᠠᠬᠤ ᠺᠣᠮᠫᠠᠨᠢ᠂ ᠥᠪᠥᠷ ᠮᠣᠩᠭᠤᠯ ᠤᠨ ᠯᠦᠩ ᠴᠤᠸᠠᠨ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠹᠦ᠋ ᠴᠤᠸᠠᠨ ᠤᠰᠤᠨ ᠤ ᠶᠠᠪᠤᠳᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠦᠩ ᠶᠤᠸᠠᠨ ᠰᠣᠶᠣᠯ ᠵᠢᠭᠤᠯᠴᠢᠯᠠᠯ ᠤᠨ ᠪᠡᠯᠡ ᠣᠷᠤᠭᠤᠯᠤᠯᠲᠠ ᠶᠢᠨ ᠬᠢᠵᠠᠭᠠᠷᠲᠤ ᠺᠤᠮᠫᠠᠨᠢ᠂ ᠦᠴᠦᠸᠠᠨ ᠰᠢᠶᠠᠨ ᠤ ᠯᠢᠥᠢ  ᠲᠠᠢ ᠲᠠᠷᠢᠶᠠᠯᠠᠩ ᠣᠶ ᠰᠢᠭᠤᠢ ᠶᠢᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃    ᠬᠤᠶᠠᠷ᠂ ᠤᠳᠤᠷᠢᠳᠬᠤ ᠳᠤᠭᠤᠶᠢᠯᠠᠩ ᠤᠨ ᠠᠵᠢᠯ ᠤᠨ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ    ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠵᠠᠰᠠᠭ ᠤᠨ ᠣᠷᠳᠣᠨ ᠤ ᠠᠯᠪᠠᠨ ᠭᠡᠷ ᠲᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠰᠢᠶᠠᠨ ᠤ ᠳᠡᠳ᠋ ᠳᠠᠷᠤᠭ᠎ᠠ ᠯᠢ ᠮᠢᠨ ᠨᠥᠬᠦᠷ ᠬᠠᠪᠰᠤᠷᠭᠠᠨ ᠬᠠᠷᠢᠭᠤᠴᠠᠵᠤ᠂ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠶᠢᠨ ᠲᠤᠰᠢᠶᠠᠯ ᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠹᠧᠩ ᠸᠧᠢ ᠰᠢᠨ ᠨᠥᠬᠦᠷ ᠡᠭᠦᠷᠭᠡᠯᠡᠵᠦ᠂ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠡᠾᠧᠯᠢᠶᠠᠨᠨᠢᠨ᠎ᠠ ᠨᠥᠬᠦᠷ ᠡᠭᠦᠷᠭᠡᠯᠡᠵᠦ᠂ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠢ ᠪᠦᠷᠢᠯᠳᠦᠭᠦᠨ ᠨᠢᠭᠡᠴᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠡᠭᠦᠷᠭᠡᠯᠡᠨ᠎ᠡ᠃ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠠᠵᠢᠯ ᠤᠨ ᠬᠤᠪᠢᠷᠠᠯᠲᠠ ᠠᠴᠠ ᠪᠣᠯᠵᠤ ᠲᠣᠬᠢᠷᠠᠭᠤᠯᠤᠯᠲᠠ ᠬᠢᠬᠦ ᠴᠢᠬᠤᠯᠠᠲᠠᠢ ᠪᠣᠯ ᠪᠦᠷᠢᠯᠳᠦᠭᠦᠨ ᠨᠢᠭᠡᠴᠢ ᠥᠪᠡᠷᠲᠡᠭᠡᠨ ᠲᠣᠬᠢᠷᠠᠭᠤᠯᠤᠯᠲᠠ ᠬᠢᠵᠦ᠂ ᠠᠰ ᠲᠤᠨᠢ ᠪᠢᠴᠢᠭ ᠮᠠᠲ᠋ᠧᠷᠢᠶᠠᠯ ᠶᠠᠪᠤᠭᠤᠯᠬᠤ ᠦᠭᠡᠢ᠃    ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠪᠥᠬᠦ ᠰᠢᠶᠠᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠪᠣᠳᠠᠲᠠᠢ ᠬᠠᠷᠢᠭᠤᠴᠠᠵᠤ᠂ ᠪᠥᠬᠦ ᠰᠢᠶᠠᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠨᠢᠭᠡᠳᠦᠯᠲᠡᠢ ᠲᠥᠯᠥᠪᠯᠡᠨ ᠰᠦᠪᠡᠭᠴᠢᠯᠡᠬᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠵᠣᠬᠢᠴᠠᠭᠤᠯᠤᠨ ᠵᠢᠯᠤᠭᠤᠳᠬᠤ᠂ ᠬᠢᠨᠠᠨ ᠵᠢᠯᠤᠭᠤᠳᠴᠤ ᠰᠢᠯᠭᠠᠨ ᠦᠨᠡᠯᠡᠬᠦ ᠵᠡᠷᠭᠡ ᠠᠵᠢᠯ ᠢ ᠲᠦᠷᠦᠭᠦᠯᠡᠨ ᠰᠠᠶᠢᠲᠤᠷ ᠬᠢᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠮᠢᠶ᠎ᠠ ᠪᠦᠬᠦᠢ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠪᠦᠷᠢᠯᠳᠦᠭᠦᠨ ᠨᠢᠭᠡᠴᠢ ᠶᠢᠨ ᠬᠢᠨ ᠲᠤᠰ ᠬᠦᠷᠢᠶᠡᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠠᠵᠢᠯ ᠤᠨ ᠲᠡᠷᠢᠭᠦᠨ ᠤ  ᠬᠢ ᠶᠢ ᠲᠡᠮᠡᠴᠡᠨ ᠰᠢᠯᠢᠳᠡᠭ ᠢ ᠡᠭᠦᠳᠬᠦ ᠶᠢ ᠪᠠᠲᠤᠯᠠᠬᠤ ᠬᠡᠷᠡᠭᠲᠡᠢ᠃                        ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                   2024 ᠣᠨ ᠤ 4 ᠰᠠᠷ᠎ᠠ ᠶᠢᠨ 1 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号