ᠦᠴᠦᠸᠠᠨ ᠰᠢᠶᠠᠨ ᠤ 2024 ᠣᠨ ᠤ 3 ᠰᠠᠷ᠎ᠠ ᠶᠢᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠣᠪᠴᠢ ᠮᠡᠳᠡᠭᠡ
ᠨᠡᠶᠢᠲᠡᠯᠡᠭᠰᠡᠨ ᠴᠠᠭ᠄
2024/4/8
     ᠨᠢᠭᠡ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ      2024 ᠣᠨ ᠤ 3 ᠰᠠᠷ᠎ᠠ ᠶᠢᠨ 31 ᠤ ᠡᠳᠦᠷ ᠪᠣᠯᠲᠠᠯ᠎ᠠ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠨᠡᠶᠢᠲᠡ 9077 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ 35000 ᠲᠦᠮᠡᠨ ᠲᠥᠭᠦᠷᠢᠭ ᠤᠨ 25.93% ᠶᠢ ᠪᠡᠶᠡᠯᠡᠭᠦᠯᠵᠦ᠂ ᠠᠳᠠᠯᠢ ᠪᠠᠷᠢᠮᠵᠢᠶ᠎ᠠ ᠪᠠᠷ ᠪᠤᠳᠤᠪᠠᠯ᠂ ᠲᠦᠷᠦᠭᠦᠸ ᠵᠢᠯ ᠤᠨ ᠬᠢ ᠠᠴᠠ 1263 ᠲᠦᠮᠡᠨ ᠲᠥᠭᠦᠷᠢᠭ ᠨᠡᠮᠡᠭᠳᠡᠨ᠂ 16.16% ᠪᠠᠷ ᠨᠡᠮᠡᠭᠳᠡᠵᠦ᠂ ᠵᠢᠯ ᠤᠨ ᠡᠬᠢᠨ ᠤ ᠲᠥᠰᠥᠪ ᠤᠨ ᠲᠡᠩᠴᠡᠭᠦᠷᠢ ᠲᠠᠢ ᠪᠠᠷ ᠬᠥᠮᠥᠷᠭᠡ ᠳᠤ ᠣᠷᠣᠭᠤᠯᠬᠤ ᠠᠬᠢᠴᠠ ᠠᠴᠠ 327 ᠲᠦᠮᠡᠨ ᠲᠥᠭᠦᠷᠢᠭ ᠳᠠᠪᠠᠪᠠ᠃ ᠡᠭᠦᠨ ᠳᠤ ᠭᠠᠶᠢᠯᠢ ᠶᠢᠨ ᠣᠷᠣᠯᠭ᠎ᠠ ᠶᠢ 7559 ᠲᠦᠮᠡᠨ ᠲᠥᠭᠦᠷᠢᠭ ᠪᠡᠶᠡᠯᠡᠭᠦᠯᠵᠦ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ 83.28% ᠶᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ ᠶᠢ 1518 ᠲᠦᠮᠡᠨ ᠲᠥᠭᠦᠷᠢᠭ ᠪᠡᠶᠡᠯᠡᠭᠦᠯᠵᠦ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ 16.72% ᠢ ᠡᠵᠡᠯᠡᠪᠡ᠃      ︵ᠨᠢᠭᠡ︶ ᠭᠠᠶᠢᠯᠢ ᠶᠢᠨ ᠲᠥᠷᠥᠯ ᠬᠤᠪᠢᠶᠠᠭᠰᠠᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ      ᠥᠷᠲᠡᠭ ᠨᠡᠮᠡᠭᠳᠡᠯ ᠤᠨ ᠭᠠᠶᠢᠯᠢ ᠨᠡᠶᠢᠲᠡ 1950 ᠲᠦᠮᠡᠨ ᠲᠥᠭᠦᠷᠢᠭ ᠪᠡᠶᠡᠯᠡᠭᠦᠯᠵᠦ᠂ 447 ᠲᠦᠮᠡᠨ ᠲᠥᠭᠦᠷᠢᠭ ᠨᠡᠮᠡᠭᠳᠡᠨ᠂ 29.74% ᠪᠠᠷ ᠨᠡᠮᠡᠭᠳᠡᠪᠡ︔ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠨᠡᠶᠢᠲᠡ 1163 ᠲᠦᠮᠡᠨ ᠲᠥᠭᠦᠷᠢᠭ ᠪᠡᠶᠡᠯᠡᠭᠦᠯᠵᠦ᠂ 583 ᠲᠦᠮᠡᠨ ᠲᠥᠭᠦᠷᠢᠭ ᠨᠡᠮᠡᠭᠳᠡᠨ᠂ 100.52% ᠢᠶᠠᠷ ᠨᠡᠮᠡᠭᠳᠡᠪᠡ︔ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ ᠶᠢ ᠨᠡᠶᠢᠲᠡ 234 ᠲᠦᠮᠡᠨ ᠲᠥᠭᠦᠷᠢᠭ ᠪᠡᠶᠡᠯᠡᠭᠦᠯᠵᠦ᠂ 56 ᠲᠦᠮᠡᠨ ᠲᠥᠭᠦᠷᠢᠭ ᠨᠡᠮᠡᠭᠳᠡᠨ᠂ 31.46% ᠪᠠᠷ ᠨᠡᠮᠡᠭᠳᠡᠪᠡ︔ ᠲᠡᠮᠳᠡᠭᠲᠦ ᠶᠢᠨ ᠭᠠᠶᠢᠯᠢ ᠶᠢ ᠨᠡᠶᠢᠲᠡ 182 ᠲᠦᠮᠡᠨ ᠲᠥᠭᠦᠷᠢᠭ ᠪᠡᠶᠡᠯᠡᠭᠦᠯᠵᠦ᠂ 93 ᠲᠦᠮᠡᠨ ᠲᠥᠭᠦᠷᠢᠭ ᠨᠡᠮᠡᠭᠳᠡᠨ᠂ 104.49% ᠪᠠᠷ ᠨᠡᠮᠡᠭᠳᠡᠪᠡ︔ ᠲᠡᠷᠭᠡ ᠣᠩᠭᠤᠴᠠ ᠶᠢᠨ ᠭᠠᠶᠢᠯᠢ ᠶᠢ ᠨᠡᠶᠢᠲᠡ 201 ᠲᠦᠮᠡᠨ ᠲᠥᠭᠦᠷᠢᠭ ᠪᠡᠶᠡᠯᠡᠭᠦᠯᠵᠦ᠂ 44 ᠲᠦᠮᠡᠨ ᠲᠥᠭᠦᠷᠢᠭ ᠬᠠᠰᠤᠭᠳᠠᠨ᠂ 17.96% ᠪᠠᠷ ᠪᠠᠭᠤᠷᠠᠪᠠ︔ ᠭᠡᠷ᠎ᠡ ᠶᠢᠨ ᠭᠠᠶᠢᠯᠢ ᠶᠢ ᠨᠡᠶᠢᠲᠡ 204 ᠲᠦᠮᠡᠨ ᠲᠥᠭᠦᠷᠢᠭ ᠪᠡᠶᠡᠯᠡᠭᠦᠯᠵᠦ᠂ 89 ᠲᠦᠮᠡᠨ ᠲᠥᠭᠦᠷᠢᠭ ᠬᠠᠰᠤᠭᠳᠠᠨ᠂ 30.38% ᠪᠠᠷ ᠪᠠᠭᠤᠷᠠᠪᠠ᠃       ᠦᠴᠦᠸᠠᠨ ᠰᠢᠶᠠᠨ ᠤ 2024 ᠣᠨ ᠤ 3 ᠰᠠᠷ᠎ᠠ ᠶᠢᠨ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠲᠦᠷᠦᠯ ᠵᠦᠢᠯ ᠢ ᠬᠤᠪᠢᠶᠠᠨ ᠭᠦᠢᠴᠡᠳᠬᠡᠭᠰᠡᠨ ᠪᠠᠶᠢᠳᠠᠯ ᠤᠨ ᠬᠦᠰᠦᠨᠦᠭᠲᠦ
     ︵ᠬᠤᠶᠠᠷ︶ ᠰᠠᠯᠠᠭ᠎ᠠ ᠮᠥᠴᠢᠷ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ      1. ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ      2024 ᠣᠨ ᠤ 3 ᠰᠠᠷ᠎ᠠ ᠶᠢᠨ 31 ᠤ ᠡᠳᠦᠷ ᠪᠣᠯᠲᠠᠯ᠎ᠠ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠨᠡᠶᠢᠲᠡ 7763 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ 31448 ᠲᠦᠮᠡᠨ ᠲᠥᠭᠦᠷᠢᠭ ᠤᠨ 24.69 ᠶᠢ ᠪᠡᠶᠡᠯᠡᠭᠦᠯᠪᠡ︔ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 1583 ᠲᠦᠮᠡᠨ ᠲᠥᠭᠦᠷᠢᠭ ᠨᠡᠮᠡᠭᠳᠡᠵᠦ᠂ 25.61% ᠪᠠᠷ ᠨᠡᠮᠡᠭᠳᠡᠪᠡ︔ ᠵᠢᠯ ᠤᠨ ᠡᠬᠢᠨ ᠤ ᠲᠥᠰᠥᠪ ᠤᠨ ᠲᠡᠩᠴᠡᠭᠦᠷᠢ ᠲᠠᠢ ᠪᠠᠷ ᠬᠥᠮᠥᠷᠭᠡ ᠳᠤ ᠣᠷᠣᠭᠤᠯᠬᠤ ᠠᠬᠢᠴᠠ ᠠᠴᠠ 99 ᠲᠦᠮᠡᠨ ᠲᠥᠭᠦᠷᠢᠭ ᠵᠥᠷᠢᠪᠡ᠃      2. ᠡᠳ᠋ ᠤᠨ ᠵᠠᠰᠠᠭ ᠤᠨ ᠰᠠᠯᠠᠭ᠎ᠠ ᠮᠥᠴᠢᠷ      2024 ᠣᠨ ᠤ 3 ᠰᠠᠷ᠎ᠠ ᠶᠢᠨ 31 ᠤ ᠡᠳᠦᠷ ᠪᠣᠯᠲᠠᠯ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠭᠠᠶᠢᠯᠢ ᠶᠢᠨ ᠪᠤᠰᠤ ᠣᠷᠣᠯᠭ᠎ᠠ ᠶᠢ ᠨᠡᠶᠢᠲᠡ 1314 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ 3552 ᠲᠦᠮᠡᠨ ᠲᠥᠭᠦᠷᠢᠭ ᠤᠨ 36.99% ᠶᠢ ᠪᠡᠶᠡᠯᠡᠭᠦᠯᠪᠡ︔ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 320 ᠲᠦᠮᠡᠨ ᠲᠥᠭᠦᠷᠢᠭ ᠬᠠᠰᠤᠭᠳᠠᠵᠤ᠂ 19.58% ᠪᠠᠷ ᠪᠠᠭᠤᠷᠠᠪᠠ︔ ᠵᠢᠯ ᠤᠨ ᠡᠬᠢᠨ ᠤ ᠲᠥᠰᠥᠪ ᠤᠨ ᠲᠡᠩᠴᠡᠭᠦᠷᠢ ᠲᠠᠢ ᠪᠠᠷ ᠬᠥᠮᠥᠷᠭᠡ ᠳᠤ ᠣᠷᠣᠭᠤᠯᠬᠤ ᠠᠬᠢᠴᠠ ᠠᠴᠠ 426 ᠲᠦᠮᠡᠨ ᠲᠥᠭᠦᠷᠢᠭ ᠳᠠᠪᠠᠪᠠ᠃      ᠦᠴᠦᠸᠠᠨ ᠰᠢᠶᠠᠨ ᠤ 2024 ᠣᠨ ᠤ 3 ᠰᠠᠷ᠎ᠠ ᠶᠢᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ ᠭᠦᠢᠴᠡᠳᠬᠡᠭᠰᠡᠨ ᠪᠠᠶᠢᠳᠠᠯ ᠤᠨ ᠬᠦᠰᠦᠨᠦᠭᠲᠦ
     ᠬᠤᠶᠠᠷ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ      ︵ᠨᠢᠭᠡ︶ ᠵᠠᠷᠤᠯᠭ᠎ᠠ ᠶᠢᠨ ᠦᠨᠳᠦᠰᠦᠨ ᠪᠠᠶᠢᠳᠠᠯ      2024 ᠣᠨ ᠤ 3 ᠰᠠᠷ᠎ᠠ ᠶᠢᠨ 31 ᠤ ᠡᠳᠦᠷ ᠪᠣᠯᠲᠠᠯ᠎ᠠ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ ᠨᠡᠶᠢᠲᠡ 55327 ᠲᠦᠮᠡᠨ ᠲᠥᠭᠦᠷᠢᠭ ᠪᠡᠶᠡᠯᠡᠭᠦᠯᠵᠦ᠂ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ 10213 ᠲᠦᠮᠡᠨ ᠲᠥᠭᠦᠷᠢᠭ ᠬᠠᠰᠤᠭᠳᠠᠨ᠂ 15.58% ᠪᠠᠷ ᠪᠠᠭᠤᠷᠠᠪᠠ᠃ ᠭᠤᠣᠯᠳᠠᠯᠭ᠎ᠠ ᠲᠠᠢ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ ᠳᠣᠣᠷᠠᠬᠢ ᠮᠡᠲᠦ᠄      ᠡᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ ᠶᠢ ᠨᠡᠶᠢᠲᠡ 4951 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2118 ᠲᠦᠮᠡᠨ ᠲᠥᠭᠦᠷᠢᠭ ᠬᠠᠰᠤᠭᠳᠠᠨ᠂ 29.96% ᠪᠠᠷ ᠪᠠᠭᠤᠷᠠᠪᠠ︔ ᠰᠤᠷᠭᠠᠨ ᠬᠥᠮᠦᠵᠢᠯ ᠤᠨ ᠵᠠᠷᠤᠯᠭ᠎ᠠ ᠶᠢ ᠨᠡᠶᠢᠲᠡ 5469 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2584 ᠲᠦᠮᠡᠨ ᠲᠥᠭᠦᠷᠢᠭ ᠬᠠᠰᠤᠭᠳᠠᠨ᠂ 32.09% ᠪᠠᠷ ᠪᠠᠭᠤᠷᠠᠪᠠ︔ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ ᠶᠢ ᠨᠡᠶᠢᠲᠡ 12861 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3217 ᠲᠦᠮᠡᠨ ᠲᠥᠭᠦᠷᠢᠭ ᠬᠠᠰᠤᠭᠳᠠᠨ᠂ 20.01% ᠪᠠᠷ ᠪᠠᠭᠤᠷᠠᠪᠠ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ ᠶᠢ ᠨᠡᠶᠢᠲᠡ 4054 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ  ᠬᠢ ᠠᠴᠠ 162 ᠲᠦᠮᠡᠨ ᠲᠥᠭᠦᠷᠢᠭ ᠨᠡᠮᠡᠭᠳᠡᠨ᠂ 4.16% ᠨᠡᠮᠡᠭᠳᠡᠪᠡ︔ ᠲᠠᠷᠢᠶᠠᠯᠠᠩ ᠣᠶ ᠰᠢᠭᠤᠢ ᠤᠰᠤᠨ ᠤ ᠵᠠᠷᠤᠯᠭ᠎ᠠ ᠶᠢ ᠨᠡᠶᠢᠲᠡ 11938 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ  ᠬᠢ ᠠᠴᠠ 4961 ᠲᠦᠮᠡᠨ ᠲᠥᠭᠦᠷᠢᠭ ᠬᠠᠰᠤᠭᠳᠠᠨ᠂ 29.36% ᠪᠠᠷ ᠪᠠᠭᠤᠷᠠᠪᠠ︔ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 1673 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ  ᠬᠢ ᠠᠴᠠ 571 ᠲᠦᠮᠡᠨ ᠲᠥᠭᠦᠷᠢᠭ ᠬᠠᠰᠤᠭᠳᠠᠨ᠂ 25.45 ᠪᠠᠷ ᠪᠠᠭᠤᠷᠠᠪᠠ᠃      ᠦᠴᠦᠸᠠᠨ ᠰᠢᠶᠠᠨ ᠤ 2024 ᠣᠨ ᠤ 3 ᠰᠠᠷ᠎ᠠ ᠶᠢᠨ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠲᠦᠷᠦᠯ ᠵᠦᠢᠯ ᠢ ᠬᠤᠪᠢᠶᠠᠨ ᠭᠦᠢᠴᠡᠳᠬᠡᠭᠰᠡᠨ ᠪᠠᠶᠢᠳᠠᠯ ᠤᠨ ᠬᠦᠰᠦᠨᠦᠭᠲᠦ
     ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ      ︵ᠨᠢᠭᠡ︶ ᠣᠷᠣᠯᠭ᠎ᠠ ᠶᠢᠨ ᠬᠠᠷᠠᠯᠲᠠ ᠶᠢ ᠴᠢᠩᠭ᠎ᠠ ᠠᠩᠬᠠᠷᠴᠤ᠂ ᠣᠷᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠡᠳ᠋ ᠤᠨ ᠬᠦᠴᠦᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠢᠭᠡ ᠳᠤ ᠡᠯ᠎ᠡ ᠭᠠᠶᠢᠯᠢ ᠶᠢᠨ ᠪᠤᠰᠤ ᠣᠷᠣᠯᠭ᠎ᠠ ᠶᠢᠨ ᠬᠤᠷᠢᠶᠠᠬᠤ ᠪᠠ ᠲᠣᠷᠭᠠᠬᠤ ᠨᠢᠭᠡᠴᠢ ᠶᠢ ᠰᠢᠪᠠᠳᠠᠨ ᠱᠠᠭᠠᠷᠳᠠᠵᠤ᠂ ᠣᠷᠣᠯᠭ᠎ᠠ ᠶᠢᠨ ᠢᠷᠡᠯᠲᠡ ᠶᠢ ᠴᠢᠩᠭ᠎ᠠ ᠠᠩᠬᠠᠷᠴᠤ᠂ ᠤᠷᠢᠳᠴᠢᠯᠠᠨ ᠠᠷᠭ᠎ᠠ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠭᠠᠶᠢᠯᠢ ᠶᠢᠨ ᠪᠤᠰᠤ ᠣᠷᠣᠯᠭ᠎ᠠ ᠶᠢ ᠴᠠᠭ ᠲᠤᠬᠠᠢ ᠳᠤᠨᠢ ᠬᠥᠮᠥᠷᠭᠡ ᠳᠤ ᠣᠷᠣᠭᠤᠯᠬᠤ ᠶᠢ ᠦᠨᠡᠨᠬᠦ ᠪᠠᠲᠤᠯᠠᠨ᠎ᠠ︔ ᠬᠤᠶᠠᠷ ᠲᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠵᠣᠬᠢᠴᠠᠭᠤᠯᠤᠨ ᠬᠠᠮᠵᠢᠯᠴᠠᠵᠤ᠂ ᠴᠠᠭ ᠲᠤᠬᠠᠢ ᠳᠤᠨᠢ ᠮᠥᠷᠳᠡᠬᠦ ᠪᠠ ᠬᠥᠳᠡᠯᠦᠩᠭᠦᠢ ᠪᠠᠷ ᠬᠢᠨᠠᠨ ᠡᠵᠡᠮᠳᠡᠬᠦ ᠶᠢ ᠰᠠᠶᠢᠲᠤᠷ ᠬᠢᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢ ᠰᠢᠯᠵᠢᠭᠦᠯᠦᠨ ᠥᠭᠬᠦ ᠪᠠ ᠭᠠᠶᠢᠯᠢ ᠲᠠᠲᠠᠪᠤᠷᠢᠯᠠᠵᠤ ᠬᠠᠮᠢᠶᠠᠷᠬᠤ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ ᠭᠠᠶᠢᠯᠢ ᠲᠠᠲᠠᠪᠤᠷᠢ ᠶᠢᠨ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠬᠤ ᠶᠢ ᠪᠠᠲᠤᠯᠠᠨ᠎ᠠ︔ ᠭᠤᠷᠪᠠ ᠳᠤ ᠨᠢᠭᠡᠨᠲᠡ ᠬᠡᠷᠡᠭᠵᠢᠭᠦᠯᠦᠭᠰᠡᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠵᠦᠢᠯᠡᠰ ᠢ ᠰᠢᠯᠭᠠᠨ ᠠᠪᠬᠤ ᠠᠬᠢᠴᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠭᠠᠵᠠᠷ ᠰᠢᠷᠣᠢ ᠶᠢ ᠬᠤᠳᠠᠯᠳᠤᠬᠤ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠭᠦᠢᠴᠡᠳᠬᠡᠯ ᠲᠤᠭ᠎ᠠ ᠶᠢ ᠦᠷᠭᠦᠯᠵᠢᠯᠡᠨ ᠴᠢᠷᠮᠠᠶᠢᠨ ᠣᠯᠣᠨ᠎ᠠ︔ ᠳᠥᠷᠪᠡ ᠳᠤ ᠳᠡᠭᠡᠳᠦ ᠱᠠᠲᠤᠨ ᠤ ᠪᠡᠯᠡ ᠮᠥᠩᠭᠦ ᠶᠢ ᠣᠯᠬᠤ ᠪᠠᠷ ᠢᠳᠡᠪᠬᠢᠲᠡᠢ ᠴᠢᠷᠮᠠᠶᠢᠨ᠎ᠠ᠃ ᠤᠯᠤᠰ ᠤᠨ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠯᠭᠠᠯᠴᠠᠬᠤ ᠶᠢ ᠰᠠᠶᠢᠲᠤᠷ ᠬᠢᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠡᠳ᠋ ᠤᠨ ᠬᠦᠴᠦᠨ ᠤ ᠨᠥᠬᠦᠪᠦᠷᠢ ᠶᠢᠨ ᠪᠡᠯᠡ ᠮᠥᠩᠭᠦ ᠶᠢ ᠲᠡᠮᠡᠴᠡᠨ ᠣᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠨ ᠤ ᠰᠢᠶᠠᠨ ᠤ ᠡᠳ᠋ ᠤᠨ ᠵᠠᠰᠠᠭ ᠤᠨ ᠬᠦᠴᠢᠷᠳᠡᠯ ᠲᠠᠢ ᠪᠠᠶᠢᠳᠠᠯ ᠢ ᠨᠠᠮᠳᠠᠭᠤᠯᠬᠤ ᠳᠤ ᠪᠠᠲᠤᠯᠠᠭ᠎ᠠ ᠬᠠᠩᠭᠠᠨ᠎ᠠ᠃      ︵ᠬᠤᠶᠠᠷ︶ ᠵᠠᠷᠤᠯᠭ᠎ᠠ ᠶᠢ ᠵᠦᠢ ᠵᠣᠬᠢᠰᠲᠠᠢ ᠲᠣᠬᠢᠷᠠᠭᠤᠯᠤᠨ᠂ ︽ᠭᠤᠷᠪᠠ ᠶᠢ ᠪᠠᠲᠤᠯᠠᠬᠤ︾ ᠶᠢᠨ ᠬᠤᠷᠢᠭ᠎ᠠ ᠱᠤᠭᠤᠮ ᠢ ᠪᠠᠲᠤᠯᠠᠵᠤ᠂ ᠭᠤᠣᠯᠳᠠᠯᠭ᠎ᠠ ᠲᠠᠢ ᠵᠠᠷᠤᠯᠭ᠎ᠠ ᠶᠢ ᠪᠠᠲᠤᠯᠠᠨ᠎ᠠ᠃ ᠨᠢᠭᠡ ᠳᠤ ︽ᠭᠤᠷᠪᠠ ᠶᠢ ᠪᠠᠲᠤᠯᠠᠬᠤ︾ ᠶᠢ ᠲᠡᠷᠢᠭᠦᠨ ᠳᠤ ᠲᠠᠯᠪᠢᠬᠤ ᠵᠠᠷᠴᠢᠮ ᠢ ᠪᠠᠷᠢᠮᠲᠠᠯᠠᠵᠤ᠂ ᠴᠠᠯᠢᠩ᠂ ᠥᠨᠳᠥᠷ ᠨᠠᠰᠤᠨ ᠤ ᠨᠥᠬᠦᠪᠦᠷᠢ᠂ ᠵᠡᠮᠳᠡᠭᠴᠦᠳ ᠤᠨ ᠨᠥᠬᠦᠪᠦᠷᠢ᠂ ᠠᠰᠠᠷᠠᠨ ᠬᠠᠷᠠᠭᠠᠯᠵᠠᠬᠤ ᠠᠮᠢᠳᠤᠷᠠᠯ ᠤᠨ ᠨᠥᠬᠦᠪᠦᠷᠢ᠂ ᠬᠦᠴᠢᠷᠳᠡᠯᠲᠡᠢ ᠤᠯᠠᠨ ᠲᠦᠮᠡᠨ ᠢ ᠠᠪᠤᠷᠠᠨ ᠲᠤᠰᠠᠯᠠᠬᠤ ᠵᠡᠷᠭᠡ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠤᠷᠢᠳᠠᠪᠠᠷ ᠪᠠᠲᠤᠯᠠᠨ᠎ᠠ︔ ᠬᠤᠶᠠᠷ ᠲᠤ ᠰᠢᠭᠤᠳ ᠬᠦᠷᠬᠦ ᠪᠡᠯᠡ ᠮᠥᠩᠭᠦ ᠶᠢᠨ ᠠᠬᠢᠴᠠ ᠶᠢ ᠲᠦᠷᠭᠡᠳᠬᠡᠵᠦ᠂ ᠰᠢᠭᠤᠳ ᠬᠦᠷᠬᠦ ᠪᠡᠯᠡ ᠮᠥᠩᠭᠦ ᠶᠢ ᠬᠤᠪᠢᠶᠠᠷᠢᠯᠠᠬᠤ᠂ ᠥᠭᠬᠦ᠂ ᠵᠣᠯᠭᠠᠭᠤᠯᠬᠤ ᠪᠠ ᠬᠢᠨᠠᠨ ᠬᠠᠮᠢᠶᠠᠷᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ︔ ᠭᠤᠷᠪᠠ ᠳᠤ ᠵᠠᠪᠠᠯ ᠪᠤᠰᠤ᠂ ᠭᠤᠣᠯᠳᠠᠯᠭ᠎ᠠ ᠲᠠᠢ ᠪᠤᠰᠤ ᠵᠦᠢᠯᠡᠰ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠩ ᠤᠨ ᠴᠢᠨᠠᠷᠲᠠᠢ ᠵᠠᠷᠤᠯᠭ᠎ᠠ ᠶᠢ ᠶᠡᠭᠡ ᠪᠠᠷ ᠪᠠᠭᠠᠰᠬᠠᠨ᠎ᠠ᠃      ᠦᠴᠦᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ      2024 ᠣᠨ ᠤ 4 ᠰᠠᠷ᠎ᠠ ᠶᠢᠨ 3 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号