ᠮᠠᠨ ᠤ ᠣᠷᠣᠨ 2024 ᠣᠨ ᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠭᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠲᠠᠴᠠ ᠶᠢ ᠲᠣᠬᠢᠷᠠᠭᠤᠯᠤᠨ ᠰᠢᠯᠢᠳᠡᠭᠵᠢᠭᠦᠯᠵᠦ ᠡᠬᠢᠯᠡᠯ᠎ᠡ
ᠨᠡᠶᠢᠲᠡᠯᠡᠭᠰᠡᠨ ᠴᠠᠭ᠄
2024/4/8
     4 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ ᠳᠠᠷᠤᠮᠠᠯᠯᠠᠨ ᠲᠠᠷᠬᠠᠭᠠᠭᠰᠠᠨ ︽2024 ᠣᠨ ᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠭᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠲᠠᠴᠠ ᠶᠢ ᠲᠣᠬᠢᠷᠠᠭᠤᠯᠤᠨ ᠰᠢᠯᠢᠳᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠳᠥᠭᠦᠮᠴᠢᠯᠡᠨ᠎ᠡ︶ ᠤᠨ ᠲᠤᠬᠠᠢ ᠲᠠᠶᠢᠯᠤᠮᠵᠢ ᠬᠢᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠲᠣᠬᠢᠷᠠᠭᠤᠯᠤᠯᠲᠠ ᠳᠤ ᠭᠤᠣᠯᠳᠠᠭᠤ ᠳᠤᠮᠳᠠ ᠣᠷᠳᠣ ᠬᠤᠭᠤᠴᠠᠭᠠᠨ ᠤ ᠠᠷᠠᠯᠵᠢᠶᠠᠨ ᠤ ᠲᠣᠭᠲᠠᠴᠠ ᠳᠤ ᠲᠣᠬᠢᠷᠠᠭᠤᠯᠤᠯᠲᠠ ᠬᠢᠵᠦ᠂ ᠭᠡᠷᠡᠲᠦ ᠴᠠᠭᠢᠯᠭᠠᠨ ᠤ ᠪᠣᠷᠤᠯᠠᠭᠤᠯᠭ᠎ᠠ  ᠶᠢᠨ ᠬᠡᠮᠵᠢᠶ᠎ᠡ ᠶᠢ ᠨᠡᠮᠡᠭᠳᠡᠭᠦᠯᠦᠨ᠂ ᠳᠤᠮᠳᠠ ᠣᠷᠳᠣ ᠬᠤᠭᠤᠴᠠᠭᠠᠨ ᠤ ᠭᠡᠷ᠎ᠡ ᠲᠣᠭᠲᠠᠭᠰᠠᠨ ᠴᠠᠭᠢᠯᠭᠠᠨ ᠤ ᠬᠡᠮᠵᠢᠶ᠎ᠡ ᠶᠢᠨ ᠳᠡᠭᠡᠳᠦ ᠳᠣᠣᠷᠠᠳᠤ ᠬᠢᠵᠠᠭᠠᠷ᠂ ᠴᠠᠭᠢᠯᠭᠠᠨ ᠬᠡᠷᠡᠭᠯᠡᠭᠴᠢ ᠶᠢᠨ ᠭᠡᠷ᠎ᠡ ᠪᠠᠨ ᠬᠤᠪᠢᠷᠠᠭᠤᠯᠬᠤ ᠠᠷᠠᠯᠵᠢᠶᠠᠨ  ᠤ ᠵᠠᠭᠪᠤᠷ ᠲᠤ ᠲᠣᠬᠢᠷᠠᠭᠤᠯᠤᠯᠲᠠ ᠬᠢᠵᠦ᠂ ᠣᠷᠣᠯᠠᠨ ᠬᠤᠳᠠᠯᠳᠤᠨ ᠠᠪᠤᠭᠰᠠᠨ ᠴᠠᠭᠢᠯᠭᠠᠨ ᠤ ᠦᠯᠡᠳᠡᠭᠰᠡᠨ ᠭᠡᠷᠡᠲᠦ ᠴᠠᠭᠢᠯᠭᠠᠨ ᠤ ᠬᠡᠮᠵᠢᠶ᠎ᠡ ᠶᠢ ᠫᠠᠶᠢᠰᠠ ᠡᠯᠭᠦᠨ ᠠᠷᠠᠯᠵᠢᠶᠠᠯᠠᠬᠤ ᠶᠢ ᠥᠷᠨᠢᠭᠦᠯᠦᠨ᠂ ᠨᠡᠭᠦᠷᠡᠰᠦ ᠰᠢᠲᠠᠭᠠᠵᠤ ᠴᠠᠭᠢᠯᠭᠠᠨ ᠭᠠᠷᠭᠠᠬᠤ ᠠᠵᠤ ᠠᠬᠤᠶᠢᠯᠠᠯ ᠤᠨ ᠳᠤᠮᠳᠠ ᠣᠷᠳᠣ ᠬᠤᠭᠤᠴᠠᠭᠠᠨ ᠤ ᠭᠡᠷ᠎ᠡ ᠶᠢ ᠢᠯᠡᠭᠦᠬᠡᠨ ᠲᠣᠭᠲᠠᠭᠠᠬᠤ ᠶᠢ ᠵᠣᠷᠢᠭᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠤᠮᠳᠠ ᠣᠷᠳᠣ ᠬᠤᠭᠤᠴᠠᠭᠠᠨ ᠤ ᠭᠡᠷ᠎ᠡ ᠲᠣᠭᠲᠠᠬᠤ ᠳᠤ ᠬᠦᠴᠢᠷ ᠠᠰᠠᠭᠤᠳᠠᠯ ᠢ ᠬᠠᠨᠳᠤᠯᠭᠠᠲᠤ ᠴᠢᠨᠠᠷᠲᠠᠢ ᠪᠠᠷ ᠰᠢᠶᠳᠪᠦᠷᠢᠯᠡᠨ᠎ᠠ; ᠪᠡᠯᠡᠨ ᠪᠠᠷᠠᠭ᠎ᠠ ᠶᠢᠨ ᠵᠠᠬ᠎ᠠ ᠳᠡᠯᠭᠡᠭᠦᠷ ᠤᠨ ᠳ᠋ᠦᠩᠨᠡᠨ ᠪᠣᠳᠣᠯᠲᠠ ᠶᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠲᠣᠭᠲᠠᠭᠤᠨ ᠠᠵᠢᠯᠯᠠᠭᠠᠨ ᠢ ᠠᠬᠢᠭᠤᠯᠵᠤ᠂ ᠰᠢᠨ᠎ᠡ ᠡᠨᠧᠷᠭᠢ ᠶᠢᠨ ᠲᠦᠭᠰᠢᠭᠦᠷᠢ ᠶᠢ ᠰᠡᠷᠭᠡᠶᠢᠯᠡᠬᠦ ᠬᠤᠪᠢᠶᠠᠷᠢᠯᠠᠬᠤ ᠲᠣᠭᠲᠠᠴᠠ ᠶᠢ ᠰᠢᠯᠢᠳᠡᠭᠵᠢᠭᠦᠯᠦᠨ᠂ ᠣᠳᠣᠬᠠᠨ ᠤ ᠪᠡᠯᠡᠨ ᠪᠠᠷᠠᠭᠠᠨ ᠤ ᠵᠠᠬ᠎ᠠ ᠳᠡᠯᠭᠡᠭᠦᠷ ᠤᠨ ᠬᠤᠪᠢᠶᠠᠷᠢ ᠲᠣᠭᠤᠷᠢᠭ ᠢ ᠦᠯᠦ ᠬᠤᠪᠢᠷᠠᠭᠤᠯᠬᠤ ᠶᠢ ᠪᠠᠲᠤᠯᠠᠵᠤ᠂ ᠰᠢᠨ᠎ᠡ ᠡᠨᠧᠷᠭᠢ ᠶᠢᠨ ᠲᠦᠭᠰᠢᠭᠦᠷᠢ ᠶᠢ ᠰᠡᠷᠭᠡᠶᠢᠯᠡᠬᠦ ᠵᠠᠷᠤᠳᠠᠯ ᠢ ᠬᠤᠪᠢᠶᠠᠷᠢᠯᠠᠬᠤ ᠶᠠᠪᠤᠴᠠ ᠳᠤ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠶᠢᠨ ᠳ᠋ᠦᠩᠨᠡᠨ ᠪᠤᠳᠤᠬᠤ ᠦᠨ᠎ᠡ ᠶᠢ ᠪᠣᠳᠣᠯᠬᠢᠯᠠᠨ᠂ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠶᠢᠨ ᠠᠰᠢᠭ ᠣᠯᠵᠠᠪᠤᠷᠢ ᠶᠢᠨ ᠬᠡᠪᠴᠢᠶ᠎ᠡ ᠶᠢ ᠦᠷᠭᠡᠳᠭᠡᠨ᠎ᠠ; ᠳ᠋ᠦᠩᠨᠡᠨ ᠪᠣᠳᠣᠯᠲᠠ ᠶᠢᠨ ᠬᠢᠨᠠᠨ ᠰᠢᠯᠭᠠᠯᠲᠠ ᠶᠢ ᠵᠣᠬᠢᠰᠲᠠᠢ ᠠᠭᠤᠵᠢᠭᠤ ᠲᠠᠯᠪᠢᠵᠤ᠂ ᠬᠡᠷᠡᠭᠯᠡᠭᠴᠢᠳ ᠴᠠᠭᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠵᠥᠷᠢᠶᠡᠲᠦ ᠰᠢᠯᠭᠠᠨ ᠬᠢᠨᠠᠬᠤ ᠱᠠᠭᠠᠷᠳᠠᠯᠭ᠎ᠠ ᠶᠢ ᠵᠣᠬᠢᠰᠲᠠᠢ ᠠᠭᠤᠵᠢᠭᠤ ᠲᠠᠯᠪᠢᠵᠤ᠂ ᠴᠠᠭᠢᠯᠭᠠᠨ ᠬᠡᠷᠡᠭᠯᠡᠭᠴᠢ ᠶᠢᠨ ᠳᠤᠮᠳᠠ ᠤᠷᠲᠤ ᠬᠤᠭᠤᠴᠠᠭᠠᠨ ᠤ ᠭᠡᠷᠡᠲᠦ ᠴᠠᠭᠢᠯᠭᠠᠨ ᠤ ᠬᠠᠷᠢᠴᠠᠯ ᠢᠶᠠᠷ ᠪᠤᠴᠠᠭᠠᠨ ᠬᠤᠷᠢᠶᠠᠬᠤ ᠬᠢᠨᠠᠨ ᠲᠣᠭᠲᠠᠭᠠᠬᠤ ᠠᠷᠭ᠎ᠠ ᠳᠤ ᠲᠣᠬᠢᠷᠠᠭᠤᠯᠤᠯᠲᠠ ᠬᠢᠵᠦ᠂ ᠴᠠᠭᠢᠯᠭᠠᠨ ᠬᠡᠷᠡᠭᠯᠡᠭᠴᠢ ᠶᠢᠨ ᠰᠠᠷ᠎ᠠ ᠶᠢᠨ ᠳᠤᠮᠳᠠ ᠤᠷᠲᠤ ᠬᠤᠭᠤᠴᠠᠭᠠᠨ ᠤ ᠭᠡᠷ᠎ᠡ ᠲᠣᠭᠲᠠᠬᠤ ᠬᠠᠷᠢᠴᠠᠯ ᠤᠨ ᠱᠠᠭᠠᠷᠳᠠᠯᠭ᠎ᠠ ᠶᠢ ᠪᠠᠭᠤᠷᠠᠭᠤᠯᠤᠨ᠂ ᠴᠠᠭᠢᠯᠭᠠᠨ ᠬᠡᠷᠡᠭᠯᠡᠭᠴᠢ ᠶᠢᠨ ᠰᠢᠯᠭᠠᠨ ᠬᠢᠨᠠᠬᠤ ᠵᠠᠷᠤᠳᠠᠯ ᠢ ᠪᠠᠭᠠᠰᠬᠠᠵᠤ᠂ ᠴᠠᠭᠢᠯᠭᠠᠨ ᠬᠡᠷᠡᠭᠯᠡᠭᠴᠢ  ᠶᠢᠨ ᠴᠠᠭᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃      ᠲᠣᠰ ︽ᠮᠡᠳᠡᠭᠳᠡᠯ︾ ᠢ 4 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠴᠠᠭᠢᠯᠭᠠᠨ ᠬᠦᠴᠦᠨ ᠤ ᠠᠷᠠᠯᠵᠢᠶᠠᠨ ᠤ ᠪᠠᠶᠢᠭᠤᠯᠤᠮᠵᠢ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠠᠷᠠᠯᠵᠢᠶ᠎ᠠ ᠶᠢ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠴᠠᠭᠢᠯᠭᠠᠨ ᠬᠡᠷᠡᠭᠯᠡᠭᠴᠢ ᠶᠢᠨ ᠪᠣᠳᠠᠲᠠᠢ ᠪᠠᠶᠢᠳᠠᠯ ᠢ ᠦᠨᠳᠦᠰᠦᠯᠡᠨ ᠵᠥᠷᠢᠶᠡᠲᠦ ᠳ᠋ᠦᠩᠨᠡᠨ ᠪᠣᠳᠣᠯᠲᠠ ᠶᠢ ᠬᠠᠰᠤᠵᠤ ᠬᠡᠯᠲᠦᠷᠢᠭᠦᠯᠬᠦ ᠪᠠ ᠳᠤᠮᠳᠠ ᠤᠷᠲᠤ ᠬᠤᠭᠤᠴᠠᠭᠠᠨ ᠤ ᠭᠡᠷᠡᠲᠦ ᠴᠠᠭᠢᠯᠭᠠᠨ ᠤ ᠬᠠᠷᠢᠴᠠᠯ  ᠢᠶᠠᠷ ᠪᠤᠴᠠᠭᠠᠨ ᠬᠤᠷᠢᠶᠠᠬᠤ᠂ ᠬᠠᠰᠤᠵᠤ ᠬᠡᠯᠲᠦᠷᠢᠭᠦᠯᠬᠦ ᠵᠡᠷᠭᠡ ᠡᠯ᠎ᠡ ᠵᠦᠢᠯ ᠤᠨ ᠠᠵᠢᠯ ᠢ ᠪᠡᠶᠡᠯᠡᠭᠦᠯᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号