︵ᠰᠤᠷᠪᠤᠯᠵᠢᠯᠠᠭᠴᠢ ᠶᠦᠨ ᠶᠠᠨ ᠹᠠᠩ︶ ᠬᠥᠬᠡᠬᠤᠲᠠ ᠶᠢᠨ ᠨᠢᠰᠬᠡᠯ ᠤᠨ ᠪᠠᠭᠤᠳᠠᠯ ᠠᠴᠠ ᠣᠶᠢᠯᠠᠭᠠᠭᠰᠠᠨ | ᠢᠶᠠᠷ᠂ ᠡᠨᠡ ᠵᠢᠯ ᠤᠨ ᠬᠠᠩᠰᠢ ᠶᠢᠨ ᠠᠮᠠᠷᠠᠯᠲᠠ ︵4 ᠳ᠋ᠤᠭᠠᠷ ᠰᠠᠷ᠎ᠠ ᠶᠢᠨ 4 ᠤ ᠡᠳᠦᠷ ᠠᠴᠠ 6 ᠤ ᠡᠳᠦᠷ ᠪᠣᠯᠲᠠᠯ᠎ᠠ | ︶ ᠳᠤ᠂ ᠲᠤᠰ ᠨᠢᠰᠬᠡᠯ ᠤᠨ ᠪᠠᠭᠤᠳᠠᠯ ᠠᠶᠠᠨᠴᠢᠳ ᠢ 8.5 ᠲᠦᠮᠡᠨ ᠬᠥᠮᠥᠨ ᠤᠳᠠᠭ᠎ᠠ ᠬᠦᠷᠭᠡᠵᠦ ᠲᠣᠰᠴᠤ᠂ | ᠲᠡᠭᠡᠭᠡᠪᠦᠷᠢ ᠳᠤ 842 ᠨᠢᠰᠬᠡᠯ ᠤᠳᠠᠭ᠎ᠠ ᠨᠢᠰᠴᠦ ᠪᠠᠭᠤᠵᠤ᠂ ᠪᠠᠷᠠᠭ᠎ᠠ ᠰᠢᠤᠳᠠᠨ ᠤ ᠣᠷᠣᠭᠤᠯᠵᠤ ᠭᠠᠷᠭᠠᠭᠰᠠᠨ | ᠬᠡᠮᠵᠢᠶ᠎ᠡ 266.7 ᠲᠣᠨ ᠬᠦᠷᠴᠦ᠂ ᠲᠤᠰ ᠲᠤᠰ 2019 ᠣᠨ ᠤ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠤ | 87.4%᠂ 95.2% ᠪᠠ 129.8% ᠪᠣᠯᠲᠠᠯ᠎ᠠ ᠰᠡᠷᠭᠦᠭᠡᠵᠦ᠂ ᠡᠳᠦᠷ ᠳᠤᠮᠳᠠᠴᠢ ᠶᠢᠨ ᠠᠶᠠᠨᠴᠢᠳ ᠤᠨ | ᠲᠤᠭ᠎ᠠ 2.8 ᠲᠦᠮᠡᠨ ᠬᠥᠮᠥᠨ ᠤᠳᠠᠭ᠎ᠠ ᠬᠦᠷᠴᠦ᠂ ᠭᠠᠭᠴᠠ ᠡᠳᠦᠷ ᠤᠨ ᠬᠠᠮᠤᠭ ᠤᠨ ᠣᠯᠠᠨ ᠲᠤᠭ᠎ᠠ 3.5 | ᠲᠦᠮᠡᠨ ᠬᠥᠮᠥᠨ ᠤᠳᠠᠭ᠎ᠠ ᠲᠤᠯᠵᠠᠢ᠃ ᠡᠨᠡ ᠵᠢᠯ ᠤᠨ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠶᠡᠭᠡ | ᠬᠡᠮᠵᠢᠶᠡᠨ ᠤ ᠠᠶᠠᠨᠴᠢᠳ ᠤᠷᠢᠳᠴᠢᠯᠠᠨ ᠭᠠᠳᠠᠭᠰᠢ ᠭᠠᠷᠴᠤ᠂ 4 ᠳ᠋ᠤᠭᠠᠷ ᠰᠠᠷ᠎ᠠ ᠶᠢᠨ 3 ᠤ ᠡᠳᠦᠷ ᠠᠶᠠᠨᠴᠢᠳ ᠤᠨ | ᠲᠤᠭ᠎ᠠ 3.7 ᠲᠦᠮᠡᠨ ᠬᠥᠮᠥᠨ ᠤᠳᠠᠭ᠎ᠠ ᠬᠦᠷᠴᠦ᠂ ᠡᠨᠡ ᠵᠢᠯ ᠤᠨ 3 ᠳ᠋ᠤᠭᠠᠷ ᠰᠠᠷ᠎ᠠ ᠠᠴᠠ ᠨᠠᠭᠠᠰᠢᠬᠢ ᠭᠠᠭᠴᠠ | ᠡᠳᠦᠷ ᠤᠨ ᠠᠶᠠᠨᠴᠢᠳ ᠤᠨ ᠲᠤᠭ᠎ᠠ ᠶᠢᠨ ᠬᠠᠮᠤᠭ ᠤᠨ ᠥᠨᠳᠥᠷ ᠬᠡᠮᠵᠢᠶᠡᠨ ᠳᠤ ᠬᠦᠷᠴᠡᠢ᠃ | ᠣᠶᠢᠯᠠᠭᠠᠭᠰᠠᠨ ᠢᠶᠠᠷ᠂ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠬᠥᠬᠡᠬᠤᠲᠠ ᠶᠢᠨ ᠨᠢᠰᠬᠡᠯ ᠤᠨ | ᠪᠠᠭᠤᠳᠠᠯ ᠤᠨ ᠠᠶᠠᠨᠴᠢᠳ ᠭᠤᠣᠯᠳᠠᠭᠤ ᠲᠥᠷᠥᠯ ᠰᠠᠳᠤᠨ ᠢᠶᠠᠨ ᠡᠷᠭᠢᠬᠦ᠂ ᠵᠢᠭᠤᠯᠴᠢᠯᠠᠬᠤ ᠵᠡᠷᠭᠡ ᠠᠶᠠᠨᠴᠢᠳ ᠢᠶᠠᠷ | ᠪᠦᠷᠢᠯᠳᠦᠵᠡᠢ᠃ ᠠᠶᠠᠨᠴᠢᠳ ᠤᠨ ᠤᠷᠤᠰᠬᠠᠯ ᠤᠨ ᠬᠠᠨᠳᠤᠰᠢ ᠶᠢᠨ ᠪᠠᠶᠢᠳᠠᠯ ᠠᠴᠠ ᠦᠵᠡᠪᠡᠯ᠂ ᠣᠷᠣᠨ ᠤ | ᠳᠣᠲᠣᠷᠠᠬᠢ ᠠᠶᠠᠨᠴᠢᠳ ᠤᠨ ᠤᠷᠤᠰᠬᠠᠯ ᠭᠤᠣᠯᠳᠠᠭᠤ ᠤᠯᠠᠭᠠᠨᠬᠠᠳᠠ᠂ ᠲᠦᠩᠯᠢᠶᠣᠣ᠂ ᠬᠥᠯᠥᠨ ᠪᠤᠶᠢᠷ᠂ | ᠰᠢᠯᠢᠩᠬᠤᠲᠠ᠂ ᠤᠯᠠᠭᠠᠨᠬᠤᠲᠠ ᠵᠡᠷᠭᠡ ᠬᠤᠲᠠ ᠳᠤ ᠲᠥᠪᠯᠡᠷᠡᠵᠦ᠂ ᠣᠷᠣᠨ ᠤ ᠭᠠᠳᠠᠨᠠᠬᠢ ᠠᠶᠠᠨᠴᠢᠳ ᠤᠨ | ᠤᠷᠤᠰᠬᠠᠯ ᠭᠤᠣᠯᠳᠠᠭᠤ ᠱᠠᠩᠬᠠᠢ᠂ ᠵᠧᠩᠵᠧᠦ᠂ ᠴᠧᠩᠳᠦ᠋᠂ ᠨᠠᠨᠵᠢᠩ᠂ ᠭᠤᠸᠠᠩᠵᠧᠦ ᠵᠡᠷᠭᠡ ᠭᠠᠵᠠᠷ ᠲᠤ | ᠲᠥᠪᠯᠡᠷᠡᠵᠦ᠂ ᠳᠡᠭᠡᠷ᠎ᠡ ᠳᠤᠷᠠᠳᠤᠭᠰᠠᠨ ᠬᠤᠲᠠ ᠶᠢᠨ ᠠᠶᠠᠨᠴᠢᠳ ᠤᠨ ᠲᠤᠭ᠎ᠠ ᠨᠢ ᠬᠠᠩᠰᠢ ᠶᠢᠨ ᠠᠮᠠᠷᠠᠯᠲᠠ ᠶᠢᠨ | ᠬᠤᠭᠤᠴᠠᠭᠠᠨ ᠤ ᠪᠥᠬᠦ ᠠᠶᠠᠨᠴᠢᠳ ᠤᠨ ᠲᠤᠭ᠎ᠠ ᠶᠢᠨ 46.7% ᠶᠢ ᠡᠵᠡᠯᠡᠵᠦ ᠪᠠᠶᠢᠨ᠎ᠠ᠃ | | |