ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠪᠡᠯᠡ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠲᠥᠭᠦᠮ ᠦᠵᠡᠭᠦᠯᠭᠦ ᠲᠦᠪᠰᠢᠨ ᠢ ᠳᠡᠭᠡᠭᠰᠢᠯᠡᠭᠦᠯᠭᠦ ᠲᠤᠬᠠᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/4/8
     ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠪᠡᠯᠡ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ  ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠲᠥᠭᠦᠮ ᠦᠵᠡᠭᠦᠯᠭᠦ ᠲᠦᠪᠰᠢᠨ ᠢ ᠳᠡᠭᠡᠭᠰᠢᠯᠡᠭᠦᠯᠭᠦ ᠲᠤᠬᠠᠢ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠪᠡᠯᠡ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠢᠲᠡᠭᠡᠮᠵᠢ ᠶᠢᠨ ᠮᠡᠳᠡᠭᠡ ᠵᠠᠩᠭᠢ ᠪᠠᠷ ᠰᠠᠭᠤᠷᠢ ᠪᠤᠯᠭᠠᠬᠰᠠᠨ ᠲᠦᠭᠡᠮᠡᠯ ᠬᠠᠷᠠᠭᠠᠯᠵᠠᠯᠲᠤ ᠪᠡᠯᠡ ᠬᠤᠷᠠᠮᠳᠤᠭᠤᠯᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠲᠤᠬᠠᠢ ᠪᠠᠶᠢᠷᠢᠯᠠᠭᠤᠯᠤᠯᠲᠠ ᠬᠢᠪᠡ᠃      ︽ᠬᠡᠷᠡᠭᠵᠢᠭᠦᠯᠬᠦ ᠲᠥᠰᠥᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳ᠋ᠠᠶᠢᠲ᠋ᠠ ᠶᠢᠨ ᠰᠠᠭᠤᠷᠢ ᠳᠦᠷᠢᠮ ᠢ ᠪᠦᠷᠢᠨᠰᠢᠭᠦᠯᠵᠦ᠂ ᠪᠡᠯᠡ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠵᠦ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠵᠦ᠂ ︽ᠢᠲᠡᠭᠡᠮᠵᠢᠲᠦ ᠲᠥᠭᠦᠮ ᠵᠢᠭᠡᠯᠡᠯᠭᠡ︾ ᠶᠢᠨ ᠠᠵᠢᠯ ᠢ ᠭᠦᠨᠵᠡᠭᠡᠢ ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠵᠤ ᠠᠬᠤᠶᠢᠯᠠᠯ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠴᠢᠨᠠᠷ ᠰᠠᠶᠢᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠠᠬᠢᠭᠤᠯᠪᠠ᠃      ︽ᠬᠡᠷᠡᠭᠵᠢᠭᠦᠯᠬᠦ ᠲᠥᠰᠥᠯ︾ ᠳᠤ᠂ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠨᠢᠭᠡ ᠳᠤ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠠᠷᠭ᠎ᠠ ᠵᠠᠮ ᠢ ᠲᠣᠳᠣᠷᠬᠠᠶᠢᠯᠠᠨ᠎ᠠ᠃ ᠪᠦᠭᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ ︽ᠶᠡᠷᠦᠩᠬᠡᠢ ᠬᠦᠢᠰᠦ︾ ᠶᠢᠨ ᠴᠢᠳᠠᠮᠵᠢ ᠶᠢ ᠴᠢᠩᠭᠠᠷᠠᠭᠤᠯᠤᠨ᠎ᠠ᠃ ᠪᠦᠭᠦ ᠤᠯᠤᠰ ᠤᠨ ᠨᠢᠭᠡ ᠴᠣᠭᠴᠠᠵᠢᠭᠤᠯᠤᠭᠰᠠᠨ ᠪᠡᠯᠡ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠶᠢ ᠪᠦᠷᠢᠨᠰᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠲᠥᠪᠯᠡᠷᠡᠭᠦᠯᠦᠨ ᠬᠠᠩᠭᠠᠬᠤ ︽ᠴᠣᠷ ᠤᠨ ᠭᠠᠭᠴᠠ ᠵᠠᠮ︾ ᠪᠣᠯᠭᠠᠨ᠎ᠠ᠃ ᠬᠤᠶᠠᠷ ᠲᠤ᠂ ᠣᠷᠣᠨ ᠨᠤᠲᠤᠭ ᠤᠨ ᠲᠠᠪᠴᠠᠩ ᠢ ᠡᠮᠬᠢᠯᠡᠨ ᠨᠡᠶᠢᠳᠬᠡᠬᠦ ᠪᠠ ᠨᠢᠭᠡᠳᠦᠯᠲᠡᠢ ᠬᠠᠮᠢᠶᠠᠷᠬᠤ ᠶᠢ ᠴᠢᠩᠭᠠᠳᠬᠠᠨ᠎ᠠ᠃ ᠴᠢᠳᠠᠮᠵᠢ ᠨᠢ ᠳᠠᠪᠬᠤᠷᠳᠠᠭᠰᠠᠨ ᠪᠤᠶᠤ ᠠᠵᠢᠯᠯᠠᠭᠠᠨ ᠨᠢ ᠦᠷ᠎ᠡ ᠪᠦᠲᠦᠮᠵᠢ ᠪᠠᠷ ᠳᠣᠣᠷ᠎ᠠ ᠪᠠᠶᠢᠭ᠎ᠠ ᠣᠷᠣᠨ ᠨᠤᠲᠤᠭ ᠤᠨ ᠪᠡᠯᠡ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠢ ᠡᠮᠬᠢᠯᠡᠨ ᠨᠡᠶᠢᠳᠬᠡᠵᠦ᠂ ᠵᠠᠷᠴᠢᠮ ᠳᠡᠭᠡᠷ᠎ᠡ ᠪᠠᠨ ᠨᠢᠭᠡ ᠮᠤᠵᠢ ᠣᠷᠣᠨ ᠨᠢ ᠵᠥᠪᠭᠡᠨ ᠨᠢᠭᠡ ᠮᠤᠵᠢ ᠶᠢᠨ ᠱᠠᠲᠤᠨ ᠤ ᠲᠠᠪᠴᠠᠩ ᠢ ᠦᠯᠡᠳᠡᠭᠡᠵᠦ᠂ ᠬᠤᠲᠠ ᠰᠢᠶᠠᠨ ᠤ ᠪᠠᠶᠢᠭᠤᠯᠤᠭᠰᠠᠨ ᠲᠠᠪᠴᠠᠩ ᠢ ᠨᠢᠭᠡ ᠠᠴᠠ ᠬᠡᠲᠦᠷᠡᠭᠦᠯᠵᠦ ᠪᠤᠯᠬᠤ ᠦᠭᠡᠢ᠃ ᠭᠤᠷᠪᠠ ᠳᠤ᠂ ᠣᠷᠣᠨ ᠨᠤᠲᠤᠭ ᠤᠨ ᠲᠠᠪᠴᠠᠩ ᠤᠨ ᠪᠠᠶᠢᠭᠤᠯᠤᠯᠲᠠ ᠶᠢᠨ ᠵᠢᠯᠣᠭᠤᠳᠤᠯᠭ᠎ᠠ ᠶᠢ ᠴᠢᠩᠭᠠᠳᠬᠠᠨ᠎ᠠ᠃ ᠣᠷᠣᠨ ᠨᠤᠲᠤᠭ ᠤᠨ ᠪᠡᠯᠡ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠢ ᠪᠦᠭᠦ ᠤᠯᠤᠰ ᠤᠨ ᠨᠢᠭᠡ ᠴᠣᠭᠴᠠᠵᠢᠭᠤᠯᠤᠭᠰᠠᠨ ᠲᠠᠪᠴᠠᠩ ᠤᠨ ᠲᠣᠣᠷ ᠰᠦᠯᠵᠢᠶ᠎ᠡ ᠶᠢᠨ ᠪᠠᠷᠢᠮᠵᠢᠶ᠎ᠠ ᠳᠤ ᠵᠠᠯᠭᠠᠨ ᠣᠷᠣᠭᠤᠯᠵᠤ᠂ ᠣᠷᠣᠨ ᠨᠤᠲᠤᠭ ᠤᠨ ᠲᠠᠪᠴᠠᠩ ᠤᠨ ᠵᠢᠷᠦᠮᠵᠢᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠳᠤᠷᠠᠳᠴᠤ ᠭᠠᠷᠭᠠᠪᠠ᠃      ︽ᠬᠡᠷᠡᠭᠵᠢᠭᠦᠯᠬᠦ ᠲᠥᠰᠥᠯ︾ ᠳᠤ᠂ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ ᠲᠣᠭᠲᠠᠴᠠ ᠶᠢ ᠰᠢᠯᠢᠳᠡᠭᠵᠢᠭᠦᠯᠬᠦ ᠬᠡᠷᠡᠭᠲᠡᠢ᠃ ᠨᠢᠭᠡ ᠳᠤ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠬᠡᠪᠴᠢᠶ᠎ᠡ ᠶᠢ ᠲᠣᠳᠣᠷᠬᠠᠶᠢᠯᠠᠨ᠎ᠠ᠃ ᠠᠵᠤ ᠠᠬᠤᠶᠢᠯᠠᠯ ᠤᠨ ᠭᠤᠣᠯ ᠠᠵᠢᠯᠲᠠᠨ ᠤ ᠮᠡᠳᠡᠭᠡ ᠵᠠᠩᠭᠢ᠂ ᠡᠯ᠎ᠡ ᠲᠥᠷᠥᠯ ᠤᠨ ᠬᠢᠷᠢ ᠭᠡᠮ ᠤᠨ ᠮᠡᠳᠡᠭᠡ ᠵᠠᠩᠭᠢ᠂ ᠭᠠᠳᠠᠭᠠᠳᠤ ᠤᠷᠤᠭᠤᠯᠤᠯᠳᠠ ᠭᠠᠷᠭᠠᠯᠲᠠ ᠶᠢᠨ ᠮᠡᠳᠡᠭᠡ ᠵᠠᠩᠭᠢ ᠵᠡᠷᠭᠡ ᠶᠢ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠨᠠᠷᠢᠨ ᠳᠠᠩᠰᠠ ᠳᠤ ᠣᠷᠣᠭᠤᠯᠤᠨ᠎ᠠ᠃ ᠣᠷᠣᠨ ᠨᠤᠲᠤᠭ ᠤᠨ ᠪᠡᠯᠡ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠷᠢᠨ ᠳᠠᠩᠰᠠ ᠠᠴᠠ ᠭᠠᠳᠠᠨᠠᠬᠢ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ ᠡᠷᠴᠢᠮ ᠢ ᠬᠠᠤᠯᠢ ᠲᠣᠭᠲᠠᠭᠠᠯ ᠶᠣᠰᠣᠭᠠᠷ ᠴᠢᠩᠭᠠᠷᠠᠭᠤᠯᠤᠨ᠎ᠠ᠃ ᠬᠤᠶᠠᠷ ᠲᠤ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠥᠪᠯᠡᠷᠡᠭᠦᠯᠦᠨ ᠬᠠᠮᠢᠶᠠᠷᠬᠤ ᠶᠢ ᠨᠢᠭᠡᠨᠲᠡ ᠪᠡᠶᠡᠯᠡᠭᠦᠯᠦᠭᠰᠡᠨ ᠢᠲᠡᠭᠡᠮᠵᠢ ᠶᠢᠨ ᠮᠡᠳᠡᠭᠡ ᠵᠠᠩᠭᠢ ᠳᠤ ︽ᠠᠷᠠᠳ ᠤᠨ ᠳᠡᠭᠡᠳᠦ ᠰᠢᠭᠦᠬᠦ ᠬᠤᠷᠢᠶ᠎ᠠ ᠪᠠ ᠶᠡᠷᠦᠩᠬᠡᠢ ᠪᠠᠩᠬᠢ ᠶᠢᠨ ᠪᠠᠶᠢᠴᠠᠭᠠᠬᠤ ᠰᠢᠰᠲ᠋ᠧᠮ︾ ᠤᠨ ᠬᠠᠮᠲᠤ ᠪᠠᠷ ᠡᠳ᠋ᠯᠡᠬᠦ ᠡᠷᠴᠢᠮ ᠢ ᠨᠡᠮᠡᠭᠳᠡᠭᠦᠯᠦᠨ᠎ᠡ᠃ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠦᠨᠡᠨ ᠪᠣᠳᠠᠲᠠᠢ᠂ ᠵᠥᠪ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠶᠢᠯᠠᠪᠠ᠃      ︽ᠬᠡᠷᠡᠭᠵᠢᠭᠦᠯᠬᠦ ᠲᠥᠰᠥᠯ︾ ᠳᠤ᠂ ᠢᠲᠡᠭᠡᠮᠵᠢ ᠶᠢᠨ ᠳ᠋ᠠᠶᠢᠲ᠋ᠠ ᠶᠢ ᠨᠡᠭᠡᠭᠡᠨ ᠠᠰᠢᠭᠯᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠨᠢᠭᠡ ᠳᠤ᠂ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠪᠡᠯᠡ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠠᠷᠴᠢᠮ ᠶᠣᠰᠣᠭᠠᠷ ᠬᠠᠤᠯᠢ ᠲᠣᠭᠲᠠᠭᠠᠯ ᠶᠣᠰᠣᠭᠠᠷ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠮᠡᠳᠡᠭᠡ ᠵᠠᠩᠭᠢ ᠬᠦᠷᠭᠡᠬᠦ᠂ ᠮᠡᠳᠡᠭᠡ ᠵᠠᠩᠭᠢ ᠪᠠᠶᠢᠴᠠᠭᠠᠨ ᠯᠠᠪᠯᠠᠬᠤ᠂ ᠢᠲᠡᠭᠡᠮᠵᠢ ᠶᠢᠨ ᠮᠡᠳᠡᠭᠦᠯᠦᠯᠲᠡ ᠶᠢ ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡ ᠬᠠᠩᠭᠠᠨ᠎ᠠ᠃ ᠬᠤᠶᠠᠷ ᠲᠤ᠂ ᠬᠠᠮᠲᠤᠷᠠᠨ ᠵᠠᠭᠪᠤᠷ ᠪᠠᠶᠢᠭᠤᠯᠤᠨ ᠬᠡᠷᠡᠭᠯᠡᠬᠦ ᠶᠢ ᠥᠷᠨᠢᠭᠦᠯᠦᠨ᠎ᠡ᠃ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠪᠤᠯᠪᠠᠰᠤᠷᠠᠭᠤᠯᠬᠤ ᠬᠠᠮᠲᠤᠷᠠᠭᠰᠠᠨ ᠲᠤᠷᠰᠢᠯᠲᠠ ᠶᠢᠨ ᠲᠠᠰᠤᠭ ᠪᠠᠶᠢᠭᠤᠯᠬᠤ ᠶᠢ ᠳᠡᠮᠵᠢᠨ᠎ᠡ᠃ ᠭᠤᠷᠪᠠ ᠳᠤ᠂ ᠢᠲᠡᠭᠡᠮᠵᠢᠲᠦ ᠪᠡᠯᠡ ᠬᠤᠷᠠᠮᠳᠤᠭᠤᠯᠬᠤ ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ︽ᠢᠲᠡᠭᠡᠮᠵᠢᠲᠦ ᠲᠥᠭᠦᠮ ᠵᠢᠭᠡᠯᠡᠯᠭᠡ︾ ᠶᠢᠨ ᠲᠤᠰᠬᠠᠢ ᠦᠢᠯᠡᠳᠬᠦᠨ ᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠨᠠᠷᠢᠯᠢᠭ ᠬᠦᠷᠢᠶ᠎ᠡ ᠴᠠᠷᠠᠭ᠎ᠠ ᠬᠤᠪᠢᠶᠠᠭᠰᠠᠨ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠬᠠᠩᠭᠠᠨ᠎ᠠ᠃ ᠳᠥᠷᠪᠡ ᠳᠤ᠂ ᠲᠠᠪᠴᠠᠩ ᠤᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠠᠷᠠᠳ ᠲᠤ ᠲᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠲᠠᠪᠴᠠᠩ ᠢᠶᠠᠷ ᠳᠡᠮᠵᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠵᠡᠷᠭᠡ ᠡᠵᠡᠩᠨᠡᠯᠲᠡ ᠶᠢᠨ ᠭᠤᠣᠯ ᠴᠣᠭᠴᠠ ᠳᠤ ᠰᠢᠭᠤᠳ ᠬᠦᠷᠬᠦ ᠶᠢ ᠠᠬᠢᠭᠤᠯᠤᠨ᠎ᠠ᠃ ᠲᠠᠪᠤ ᠳᠤ᠂ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠬᠥᠭᠵᠢᠭᠦᠯᠦᠨ᠎ᠡ᠃ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠡᠷᠬᠡ ᠣᠯᠭᠤᠵᠤ ᠠᠵᠢᠯᠯᠠᠭᠤᠯᠬᠤ ᠨᠥᠬᠦᠴᠡᠯ ᠪᠣᠯᠣᠨ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ︽ᠬᠡᠷᠡᠭᠵᠢᠭᠦᠯᠬᠦ ᠲᠥᠰᠥᠯ︾ ᠳᠤ᠂ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠲᠤᠯᠠᠭ᠎ᠠ ᠪᠠ ᠮᠡᠳᠡᠭᠡ ᠵᠠᠩᠭᠢ ᠶᠢᠨ ᠭᠤᠣᠯ ᠴᠣᠭᠴᠠ ᠶᠢᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠪᠠᠲᠤᠯᠠᠭ᠎ᠠ ᠶᠢ ᠴᠢᠩᠭᠠᠳᠬᠠᠵᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠲᠥᠭᠦᠮ ᠦᠵᠡᠭᠦᠯᠭᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号