ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠮᠡᠳᠡᠭᠳᠡᠯ︾ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/4/8
     ᠪᠦᠭᠦ ᠨᠠᠮ ᠤᠨ ᠳᠣᠲᠣᠭᠠᠳᠤ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠦᠨ᠎ᠡ      ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠣᠶᠢᠷ᠎ᠠ ᠳᠤ  ︽ᠪᠦᠭᠦ ᠨᠠᠮ ᠤᠨ ᠳᠣᠲᠣᠭᠠᠳᠤ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ︽ᠮᠡᠳᠡᠭᠳᠡᠯ︾ ᠭᠡᠵᠦ ᠳᠥᠭᠦᠮᠴᠢᠯᠡᠨ᠎ᠡ︶ ᠢ  ᠳᠠᠷᠤᠮᠠᠯᠯᠠᠨ ᠲᠠᠷᠬᠠᠭᠠᠪᠠ᠃      ︽ᠮᠡᠳᠡᠭᠳᠡᠯ︾ ᠳᠤ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾︵ᠳᠣᠷᠣᠭᠰᠢ ︽ᠳᠦᠷᠢᠮ︾ ᠭᠡᠵᠦ ᠳᠥᠭᠦᠮᠴᠢᠯᠡᠨ᠎ᠡ︶ ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ ᠶᠢᠨ ᠵᠥᠪᠰᠢᠶᠡᠷᠡᠯ ᠢᠶᠠᠷ᠂ 2024 ᠣᠨ ᠤ 4 ᠰᠠᠷ᠎ᠠ ᠠᠴᠠ 7 ᠰᠠᠷ᠎ᠠ ᠪᠤᠯᠲᠠᠯ᠎ᠠ ᠪᠦᠭᠦ ᠨᠠᠮ ᠤᠨ ᠳᠣᠲᠣᠭᠠᠳᠤ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠨ᠎ᠡ ᠭᠡᠵᠦ ᠵᠢᠭᠠᠵᠤ ᠭᠠᠷᠭᠠᠪᠠ᠃      ︽ᠮᠡᠳᠡᠭᠳᠡᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠵᠠᠷᠢᠮ ᠨᠠᠮ ᠤᠨ ᠭᠡᠰᠢᠭᠦᠨ᠂ ᠺᠠᠳ᠋ᠷᠴᠤᠳ ᠤᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠳᠤ ᠰᠠᠨᠠᠭ᠎ᠠ ᠲᠠᠯᠪᠢᠬᠤ ᠦᠭᠡᠢ᠂ ᠣᠶᠢᠯᠠᠭᠠᠬᠤ ᠦᠭᠡᠢ᠂ ᠡᠵᠡᠮᠰᠢᠬᠦ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠭᠡᠰᠢᠭᠦᠨ ᠢᠯᠠᠩᠭᠤᠶ᠎ᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠵᠣᠬᠢᠶᠠᠨ ᠪᠠᠶᠢᠭᠤᠯᠤᠨ︽ᠳᠦᠷᠢᠮ︾ ᠢ ᠨᠠᠷᠢᠨ ᠬᠢᠨᠠᠮᠠᠭᠠᠢ ᠰᠤᠷᠤᠯᠴᠠᠭᠤᠯᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠭᠡᠭᠴᠢ ᠶᠠᠭᠤ ᠪᠤᠯᠬᠤ ᠶᠢ ᠲᠣᠳᠣᠷᠬᠠᠢ ᠣᠶᠢᠯᠠᠭᠠᠵᠤ᠂ ᠶᠠᠭᠤ ᠶᠢ ᠬᠢᠵᠦ ᠪᠤᠯᠬᠤ᠂ ᠶᠠᠭᠤ ᠶᠢ ᠬᠢᠵᠦ ᠦᠯᠦ ᠪᠤᠯᠬᠤ ᠶᠢ ᠣᠶᠢᠯᠠᠭᠠᠵᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠦᠭᠡ ᠶᠠᠷᠢᠶ᠎ᠠ ᠦᠢᠯᠡ ᠠᠵᠢᠯᠯᠠᠭᠠᠨ ᠤ ᠪᠠᠨ ᠪᠠᠷᠢᠮᠵᠢᠶ᠎ᠠ ᠪᠤᠯᠭᠠᠵᠤ᠂ ᠴᠢᠨᠠᠭᠰᠢᠳᠠ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠢᠶᠠᠨ ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠃      ︽ᠮᠡᠳᠡᠭᠳᠡᠯ︾ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠭᠤᠯᠬᠤ᠂ ᠪᠠᠶᠢᠩᠭᠤ ᠠᠳᠬᠤᠬᠤ ᠶᠢ ᠴᠢᠬᠤᠯᠠᠴᠢᠯᠠᠬᠤ ᠬᠡᠷᠡᠭᠲᠡᠢ᠃ ᠲᠡᠷᠡ ᠬᠡᠪ ᠢᠶᠠᠷ ᠨᠢ ᠰᠤᠷᠤᠯᠴᠠᠵᠤ᠂ ᠬᠤᠪᠢ ᠬᠥᠮᠥᠨ ᠤ ᠥᠪᠡᠰᠦᠪᠡᠨ ᠰᠤᠷᠤᠯᠴᠠᠬᠤ ᠪᠠ ᠲᠥᠪᠯᠡᠷᠡᠭᠦᠯᠦᠨ ᠰᠤᠷᠤᠯᠴᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠯᠤᠭ᠎ᠠ ᠨᠢᠭᠲᠠ ᠤᠶᠠᠯᠳᠤᠭᠤᠯᠤᠨ ᠰᠤᠳᠤᠯᠤᠨ ᠶᠠᠷᠢᠯᠴᠠᠵᠤ᠂︽ᠳᠦᠷᠢᠮ︾ ᠢ ᠲᠠᠷᠢᠬᠢᠨ ᠳᠠᠭᠠᠨ ᠰᠢᠩᠭᠡᠭᠡᠵᠦ ᠰᠡᠳᠬᠢᠯ ᠳᠡᠭᠡᠨ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ᠰᠡᠷᠡᠮᠵᠢᠯᠡᠭᠦᠯᠭᠦ ᠬᠥᠮᠦᠵᠢᠯ ᠢ ᠴᠢᠩᠭᠠᠳᠬᠠᠵᠤ᠂ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ  ᠶᠢ ᠭᠦᠨᠵᠡᠭᠡᠢ ᠵᠠᠳᠠᠯᠤᠨ ᠰᠢᠨᠵᠢᠯᠡᠵᠦ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠥᠰ ᠢᠶᠠᠨ ᠬᠥᠮᠥᠵᠢᠭᠦᠯᠬᠦ ᠶᠢ ᠴᠢᠬᠤᠯᠠᠴᠢᠯᠠᠵᠤ᠂ ᠨᠠᠮ ᠤᠨ ᠭᠡᠰᠢᠭᠦᠨ᠂ ᠺᠠᠳ᠋ᠷᠴᠤᠳ ᠢ ᠰᠡᠷᠡᠮᠵᠢ ᠠᠪᠬᠤ᠂ ᠬᠤᠷᠢᠭ᠎ᠠ ᠱᠤᠭᠤᠮ ᠢ ᠲᠣᠳᠣᠷᠬᠠᠢ ᠮᠡᠳᠡᠬᠦ᠂ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠤᠯᠭᠠᠬᠤ ᠬᠡᠷᠡᠭᠲᠡᠢ᠃ ᠲᠠᠶᠢᠯᠤᠮᠵᠢ ᠪᠠ ᠪᠣᠯᠪᠠᠰᠤᠷᠠᠯ ᠢ ᠴᠢᠩᠭᠠᠳᠬᠠᠵᠤ᠂ ︽ᠳᠦᠷᠢᠮ︾ ᠢ ᠣᠶᠢᠯᠠᠭᠠᠨ ᠬᠡᠷᠡᠭᠯᠡᠬᠦ ᠶᠢ ᠭᠦᠨᠵᠡᠭᠡᠶᠢᠷᠡᠭᠦᠯᠬᠦ ᠬᠡᠷᠡᠭᠲᠡᠢ᠃ 2024 ᠣᠨ ᠤ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯᠣᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠨᠢ᠂ ︽ᠳᠦᠷᠢᠮ︾ ᠢ ᠰᠤᠷᠤᠯᠴᠠᠨ ᠲᠤᠭᠤᠰᠢᠯᠠᠭᠤᠯᠤᠭᠰᠠᠨ ᠪᠠᠶᠢᠳᠠᠯ ᠢ ᠬᠠᠷᠢᠴᠠᠭᠤᠯᠤᠨ ᠪᠠᠶᠢᠴᠠᠭᠠᠬᠤ ᠶᠢᠨ ᠴᠢᠬᠤᠯᠠ ᠠᠭᠤᠯᠭ᠎ᠠ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ︽ᠮᠡᠳᠡᠭᠳᠡᠯ︾ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠬᠡᠯᠪᠡᠷᠢᠴᠢ ᠦᠵᠡᠯ ᠢ ᠡᠷᠡᠰ ᠡᠰᠡᠷᠭᠦᠴᠡᠵᠦ᠂ ︽ᠨᠠᠮ ᠤᠨ ᠤᠯᠤᠰ ᠲᠦᠷᠦ ᠶᠢᠨ ᠢᠲᠡᠭᠡᠯ ᠪᠢᠰᠢᠷᠡᠯ ᠪᠣᠯᠣᠨ ᠤᠯᠤᠰ ᠲᠦᠷᠦ ᠶᠢᠨ ᠵᠣᠷᠢᠯᠲᠠ ᠶᠢ ᠰᠠᠨᠠᠭᠠᠴᠢᠯᠠᠭ᠎ᠠ ᠲᠠᠢ ᠪᠤᠶᠤ ᠰᠠᠨᠠᠭᠠᠴᠢᠯᠠᠭᠠᠲᠤ ᠪᠤᠰᠤ ᠪᠠᠷ ᠳᠥᠭᠦᠮᠴᠢᠯᠡᠬᠦ ᠪᠣᠯᠭᠢᠴᠢᠯᠠᠬᠤ︾᠂ ︽ᠨᠠᠮ ᠤᠨ ᠢᠲᠡᠭᠡᠯ ᠪᠢᠰᠢᠷᠡᠯ ᠪᠣᠯᠣᠨ ᠤᠯᠤᠰ ᠲᠦᠷᠦ ᠶᠢᠨ ᠵᠣᠷᠢᠯᠲᠠ ᠶᠢ ᠬᠡᠯᠡᠨ ᠤ ᠤᠷᠠᠨ ᠢ ᠠᠰᠢᠭᠯᠠᠵᠤ ᠭᠦᠳᠬᠡᠬᠦ ᠲᠠᠭᠠᠷᠢᠬᠤ︾ ᠶᠢ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号