ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠤᠳᠤᠷᠢᠳᠤᠯᠭ᠎ᠠ ᠦᠴᠦᠸᠠᠨ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/4/9
     2024 ᠣᠨ ᠤ 4 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠵᠠᠩ ᠭᠦᠸᠧ ᠹᠦ᠋ ᠨᠠᠷ ᠦᠴᠦᠸᠠᠨ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠡᠶᠢᠭᠡᠮ ᠤᠨ ᠬᠡᠷᠡᠭ ᠶᠠᠪᠤᠳᠠᠯ ᠤᠨ ᠰᠠᠯᠠᠭ᠎ᠠ ᠶᠢᠨ ᠳᠠᠷᠤᠭ᠎ᠠ ᠭᠤᠸ ᠪᠢᠩ ᠶᠢᠩ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠹᠠᠨ ᠸᠧᠢ ᠬᠤᠩ᠂ ᠬᠥᠬᠡᠬᠤᠲᠠ ᠶᠢᠨ ᠳ᠋ᠧ ᠯᠧᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠪᠦᠦ ᠴᠢᠩ᠂ ᠭᠤᠸ ᠸᠧᠨ ᠬᠤᠸᠠ ᠪᠠᠭᠰᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
     ᠵᠠᠩ ᠭᠦᠸᠧ ᠹᠦ᠋ ᠳ᠋ᠧ ᠯᠧᠢ ᠶᠢᠨ ᠬᠦᠯᠢᠶᠡᠨ ᠠᠪᠤᠭᠰᠠᠨ ᠣᠶᠤᠨ ᠰᠠᠨᠠᠭᠠᠨ ᠤ ᠡᠷᠡᠭᠦᠯᠵᠢᠯ ᠤᠨ ᠥᠷᠲᠡᠭᠡ ᠪᠣᠯᠣᠨ ᠦᠴᠦᠸᠠᠨ ᠰᠢᠶᠠᠨ ᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠲᠥᠪ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠠᠵᠢᠯ ᠤᠨ ᠲᠠᠩᠰᠠ ᠡᠪᠬᠡᠮᠡᠯ ᠢ ᠨᠠᠷᠢᠨ ᠨᠢᠮᠪᠠᠢ ᠪᠠᠶᠢᠴᠠᠭᠠᠨ ᠦᠵᠡᠵᠦ᠂ ᠳ᠋ᠧ ᠯᠧᠢ ᠶᠢᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠨᠢᠭᠡᠨᠲᠡ ᠣᠯᠣᠭᠰᠠᠨ ᠠᠮᠵᠢᠯᠲᠠ ᠪᠦᠲᠦᠮᠵᠢ ᠶᠢ ᠨᠤᠲᠠᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠵᠢᠯᠤᠭᠤᠳᠬᠤ ᠰᠠᠨᠠᠯ ᠪᠠ ᠠᠵᠢᠯ ᠤᠨ ᠱᠠᠭᠠᠷᠳᠠᠯᠭ᠎ᠠ ᠳᠤᠷᠠᠳᠪᠠ᠂ ᠲᠡᠷᠡ ᠴᠢᠩ ᠰᠡᠳᠬᠢᠯ ᠠᠴᠠ ᠪᠠᠨ ᠬᠦᠰᠡᠬᠦ ᠳᠡᠭᠡᠨ᠂ ᠲᠠ ᠨᠠᠷ ᠴᠥᠮ ᠭᠠᠳᠠᠨ᠎ᠠ ᠠᠴᠠ ᠬᠠᠷᠢᠵᠤ ᠢᠷᠡᠭᠡᠳ ᠨᠤᠲᠤᠭ ᠲᠠᠭᠠᠨ ᠬᠤᠪᠢ ᠨᠡᠮᠡᠷᠢ ᠦᠵᠡᠭᠦᠯᠵᠦ ᠪᠠᠶᠢᠨ᠎ᠠ᠂ ᠲᠠ ᠨᠠᠷ ᠤᠨ ᠬᠡᠪ ᠵᠠᠭᠪᠤᠷ ᠤᠨ ᠰᠢᠨ᠎ᠡ ᠶᠢ ᠡᠭᠦᠳᠴᠦ᠂ ᠮᠠᠨ ᠤ ᠨᠡᠶᠢᠭᠡᠮ ᠤᠨ ᠠᠵᠢᠯ ᠤᠨ ᠲᠥᠷᠥᠯ ᠵᠦᠢᠯ ᠢ ᠬᠥᠲᠥᠯᠥᠨ ᠵᠢᠯᠤᠭᠤᠳᠴᠤ ᠪᠠᠶᠢᠭᠠᠳ ᠥᠪᠡᠷ ᠤᠨ ᠣᠨᠴᠠᠯᠢᠭ ᠲᠠᠢ ᠪᠣᠯᠭᠠᠬᠤ ᠶᠢ ᠬᠦᠰᠡᠵᠦ ᠪᠠᠶᠢᠨ᠎ᠠ ᠭᠡᠵᠡᠢ᠃
     ᠳ᠋ᠧ ᠯᠧᠢ ᠶᠢᠨ ᠬᠠᠷᠢᠭᠤᠴᠠᠯᠭᠠᠲᠠᠨ ᠪᠦᠦ ᠴᠢᠩ ᠪᠠᠭᠰᠢ ᠬᠡᠯᠡᠬᠦ ᠳᠡᠭᠡᠨ᠂ ᠦᠴᠦᠸᠠᠨ ᠤ ᠣᠶᠣᠨ ᠰᠠᠨᠠᠭᠠᠨ ᠤ ᠡᠷᠡᠭᠦᠯᠵᠢᠯ ᠤᠨ ᠲᠥᠪ ᠤᠨ ᠬᠢᠨ ᠣᠳᠣ ᠶᠠᠭ ︽ᠨᠢᠭᠡ ᠰᠠᠷ᠎ᠠ ᠳᠤ ᠨᠢᠭᠡ ᠵᠦᠢᠯ ᠤᠨ ᠪᠦᠲᠦᠭᠡᠭᠳᠡᠬᠦᠨ︾᠂ ᠲᠥᠪ ᠳᠤᠷᠠᠳᠤᠯ ᠦᠨᠦᠷ ᠤᠨ ᠵᠠᠰᠠᠯ᠂ ᠠᠵᠢᠯ ᠤᠨ ᠵᠠᠰᠠᠯ ᠢᠶᠠᠷ ᠣᠷᠣᠯᠭ᠎ᠠ ᠡᠭᠦᠳᠬᠦ ᠵᠡᠷᠭᠡ ᠡᠷᠡᠭᠦᠯᠵᠢᠯ ᠤᠨ ᠵᠠᠭᠪᠤᠷ ᠢ ᠰᠢᠨ᠎ᠡ ᠪᠠᠷ ᠡᠭᠦᠳᠴᠦ ᠪᠠᠶᠢᠨ᠎ᠠ᠃ ᠳᠠᠭᠠᠳᠬᠠᠯ ᠤᠨ ᠲᠥᠪ ᠨᠢ ᠢᠯᠡᠳᠬᠡᠯ ᠤᠨ ᠴᠢᠨᠠᠷᠲᠠᠢ ᠤᠷᠠᠯᠢᠭ ᠤᠨ ᠡᠮᠴᠢᠯᠡᠭᠡᠨ ᠤ ᠠᠵᠢᠯᠯᠠᠭ᠎ᠠ ᠪᠠ ᠲᠥᠪ ᠳᠤᠷᠠᠳᠤᠯ ᠤᠨ ᠰᠢᠷᠢᠰ ᠬᠢᠴᠢᠶᠡᠯ ᠢ ᠤᠳᠠᠯ ᠦᠭᠡᠢ ᠪᠥᠬᠦ ᠲᠠᠯ᠎ᠠ ᠪᠠᠷ ᠣᠷᠣᠭᠤᠯᠤᠨ ᠠᠪᠴᠢᠷᠠᠨ᠎ᠠ᠃ ᠳ᠋ᠧ ᠯᠧᠢ ᠦᠢᠯᠡᠴᠢᠯᠡᠭᠡᠨ ᠤ ᠲᠥᠪ ᠨᠢ ᠬᠤᠲᠠ ᠶᠢᠨ ᠲᠣᠪᠴᠢᠶ᠎ᠠ᠂ ᠰᠢᠶᠠᠨ ᠤ ᠲᠣᠪᠴᠢᠶ᠎ᠠ ᠬᠤᠶᠠᠷ ᠱᠠᠲᠤᠨ ᠤ ᠤᠳᠤᠷᠢᠳᠤᠯᠭ᠎ᠠ ᠶᠢᠨ ᠰᠠᠨᠠᠭᠤᠯᠭ᠎ᠠ ᠶᠣᠰᠣᠭᠠᠷ ᠠᠵᠢᠯᠯᠠᠭ᠎ᠠ ᠶᠢᠨ ᠲᠥᠷᠥᠯ ᠵᠦᠢᠯ ᠢ ᠨᠠᠷᠢᠨ ᠨᠢᠮᠪᠠᠢ ᠲᠥᠯᠥᠪᠯᠡᠨ᠂ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠦᠢᠯᠡᠴᠢᠯᠡᠬᠦ ᠬᠡᠯᠪᠡᠷᠢ ᠪᠠᠨ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠣᠶᠤᠨ ᠰᠠᠨᠠᠭᠠᠨ ᠤ ᠡᠷᠡᠭᠦᠯᠵᠢᠯ ᠤᠨ ᠠᠵᠢᠯ ᠢ ᠭᠦᠨᠵᠡᠭᠡᠢ ᠰᠠᠶᠢᠲᠤᠷ ᠬᠢᠵᠦ᠂ ᠦᠴᠦᠸᠠᠨ ᠰᠢᠶᠠᠨ ᠤ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
             ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号