ᠬᠠᠳᠠ ᠬᠥᠬᠡ ᠡᠷᠭᠢ ᠪᠠᠯᠭᠠᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/4/9
     4 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠪᠦᠯᠬᠦᠮ ᠳᠠᠭᠠᠭᠤᠯᠤᠨ ᠬᠥᠬᠡ ᠡᠷᠭᠢ ᠪᠠᠯᠭᠠᠰᠤᠨ ᠤ ᠬᠤᠲᠠ ᠶᠢᠨ ᠲᠣᠭᠤᠷᠢᠭ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠵᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠼᠦᠢ ᠵᠧᠨ ᠬᠤᠸᠠ᠂ ᠵᠠᠩ ᠵᠢᠶᠧ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠᠶᠢᠴᠠᠭᠠᠯᠲᠠ ᠳᠤ ᠣᠷᠣᠯᠴᠠᠪᠠ᠃      ᠬᠠᠳᠠ ᠨᠠᠷ ᠶᠠᠭᠤᠨ ᠤ ᠤᠷᠢᠳ ᠰᠢᠶᠠᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠠᠳᠠᠭᠰᠢᠯᠠᠭᠤᠯᠬᠤ ᠠᠮᠠᠰᠠᠷ ᠲᠤ ᠬᠦᠷᠴᠦ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠵᠦ᠂ ᠬᠤᠳᠠ ᠶᠢᠨ ᠲᠣᠭᠤᠷᠢᠭ ᠤᠨ ᠳᠣᠲᠣᠭᠠᠳᠤ ᠭᠤᠣᠯ ᠮᠥᠷᠡᠨ ᠤ ᠤᠰᠤᠨ ᠤ ᠴᠢᠨᠠᠷ ᠤᠨ ᠣᠳᠣᠬᠢ ᠪᠠᠶᠢᠳᠠᠯ ᠵᠢᠴᠢ ᠪᠣᠬᠢᠷ ᠤᠰᠤᠨ ᠤ ᠬᠤᠭᠤᠯᠠᠢ ᠶᠢᠨ ᠲᠣᠣᠷ ᠢ ᠬᠤᠷᠢᠶᠠᠨ ᠴᠤᠭᠯᠠᠭᠤᠯᠵᠤ ᠳᠡᠪᠢᠰᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠭᠤᠣᠯ ᠤᠨ ᠵᠠᠮ ᠢ ᠵᠠᠰᠠᠬᠤ ᠪᠣᠯ ᠨᠢᠭᠡ ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠵᠠᠰᠠᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠭᠤᠣᠯ ᠤᠨ ᠵᠠᠮ ᠤᠨ ᠡᠳᠦᠷ ᠲᠤᠲᠤᠮ ᠤᠨ ᠬᠠᠮᠢᠶᠠᠷᠴᠤ ᠬᠠᠮᠠᠭᠠᠯᠠᠬᠤ ᠪᠠ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠭᠤᠣᠯ ᠮᠥᠷᠡᠨ ᠤ ᠬᠠᠮᠢᠶᠠᠷᠤᠯᠲᠠ ᠶᠢᠨ ᠬᠢᠷᠢ ᠲᠦᠪᠰᠢᠨ ᠪᠠ ᠠᠮᠢ ᠠᠬᠤᠢ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠤᠰᠤ ᠶᠢ ᠵᠠᠰᠠᠭᠰᠠᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠡᠬᠢ ᠰᠤᠷᠪᠤᠯᠵᠢ ᠶᠢ ᠡᠵᠡᠮᠳᠡᠨ ᠪᠣᠬᠢᠷᠲᠤᠯ ᠢ ᠲᠠᠰᠤᠯᠬᠤ ᠶᠢ ᠴᠢᠩᠭ᠎ᠠ ᠠᠳᠬᠤᠵᠤ᠂ ᠠᠮᠢ ᠠᠬᠤᠢ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ᠤᠰᠤᠨ ᠤ ᠴᠢᠨᠠᠷ ᠤᠨ ᠬᠤᠪᠢᠷᠠᠯᠲᠠ ᠶᠢ ᠴᠠᠭ ᠲᠤᠬᠠᠢ ᠳᠤᠨᠢ ᠳᠠᠭᠠᠵᠤ᠂ ᠪᠠᠷᠢᠮᠵᠢᠶᠠᠵᠢᠭᠰᠠᠨ᠂ ᠵᠢᠷᠤᠮᠵᠢᠭᠰᠠᠨ᠂ ᠣᠶᠤᠨᠴᠢᠯᠠᠭᠰᠠᠨ ᠠᠵᠢᠯᠯᠠᠭᠠᠨ ᠤ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠰᠢᠶᠠᠨ ᠤ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠥᠬᠡ ᠡᠷᠭᠢ ᠪᠠᠯᠭᠠᠰᠤᠨ ᠤ ᠬᠤᠲᠠ ᠶᠢᠨ ᠲᠣᠭᠤᠷᠢᠭ ᠤᠨ ᠡᠷᠭᠢᠨ ᠲᠣᠭᠤᠷᠢᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠳᠪᠦᠷᠢ ᠪᠣᠯᠣᠨ ᠱᠦᠢᠨᠢ ᠪᠦᠲᠦᠭᠡᠭᠳᠡᠬᠦᠨ ᠤ ᠦᠢᠯᠡᠳᠪᠦᠷᠢ ᠳᠤ᠂ ᠬᠠᠳᠠ ᠮᠢᠬᠠᠨ ᠤ ᠲᠥᠷᠥᠯ ᠢ ᠨᠢᠲᠤᠯᠵᠤ ᠬᠤᠳᠠᠯᠳᠤᠨ ᠠᠪᠬᠤ᠂ ᠦᠢᠯᠡᠳᠪᠦᠷᠢᠯᠡᠵᠦ ᠪᠣᠯᠪᠠᠰᠤᠷᠠᠭᠤᠯᠬᠤ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠦᠢᠯᠡᠳᠪᠦᠷᠢ ᠶᠢᠨ ᠲᠠᠰᠤᠭ᠂ ᠬᠦᠢᠲᠡᠨ ᠬᠥᠮᠥᠷᠭᠡ᠂ ᠱᠦᠢᠨᠢ ᠶᠢᠨ ᠪᠦᠲᠦᠭᠡᠭᠳᠡᠬᠦᠨ ᠤ ᠲᠠᠯᠠᠪᠤᠷ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠵᠦ᠂ ᠲᠥᠬᠦᠭᠡᠷᠦᠮᠵᠢ ᠶᠢᠨ ᠠᠵᠢᠯᠯᠠᠭ᠎ᠠ᠂ ᠪᠣᠬᠢᠷ ᠤᠰᠤ ᠶᠢ ᠰᠢᠢᠳᠪᠦᠷᠢᠯᠡᠭᠰᠡᠨ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠣᠷᠴᠢᠨ ᠠᠬᠤᠢ ᠶᠢᠨ ᠪᠣᠬᠢᠷᠲᠤᠯ ᠬᠦᠨᠳᠦ ᠨᠣᠴᠢᠲᠠᠢ ᠪᠣᠯᠪᠠᠰᠤᠷᠠᠭᠤᠯᠬᠤ ᠠᠵᠤ ᠠᠬᠤᠶᠢᠯᠠᠯ ᠪᠠ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠵᠡᠷᠭᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠳᠦᠷ ᠲᠤᠳᠤᠮ ᠤᠨ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠱᠠᠭᠠᠷᠳᠠᠪᠠ᠃ ︵ᠰᠤᠷᠪᠤᠯᠵᠢᠯᠠᠭᠴᠢ᠄ ᠯᠢᠦ ᠪᠠᠢ ᠢᠦᠢ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号