ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠤ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠠᠩᠬᠠᠳᠠᠭᠴᠢ ᠰᠠᠯᠠᠭ᠎ᠠ ᠮᠥᠴᠢᠷ ᠤᠨ ᠳᠦᠷᠢᠮ ᠪᠤᠶ ᠪᠣᠯᠪᠠ
ᠨᠡᠶᠢᠲᠡᠯᠡᠭᠰᠡᠨ ᠴᠠᠭ᠄
2024/4/9
     ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 2 ᠤᠨ ᠡᠳᠦᠷ ᠮᠡᠳᠡᠭᠡ ᠨᠡᠶᠢᠲᠡᠯᠡᠵᠦ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 8 ᠰᠠᠯᠠᠭ᠎ᠠ ᠮᠥᠴᠢᠷ ᠣᠶᠢᠷ᠎ᠠ ᠳᠤ ᠬᠠᠮᠲᠤᠷᠠᠨ ︽ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠳᠦᠷᠢᠮ︾ ᠢ ᠳᠠᠷᠤᠮᠠᠯᠯᠠᠨ ᠲᠠᠷᠬᠠᠭᠠᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠲᠡᠯᠡᠬᠦ ᠳᠤ ᠠᠩᠬ᠎ᠠ ᠤᠳᠠᠭ᠎ᠠ ︽ᠨᠠᠵᠠᠭᠠᠢ ᠲᠠᠯ᠎ᠠ ᠶᠢᠨ ᠨᠠᠷᠢᠨ ᠲᠠᠩᠰᠠ︾ ᠶᠢ ᠲᠣᠳᠣᠷᠬᠠᠢ ᠵᠢᠭᠰᠠᠭᠠᠭᠰᠠᠨ ᠪᠠᠶᠢᠨ᠎ᠠ᠃      ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠳᠦᠷᠢᠮ ᠪᠣᠯ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠭᠤᠤᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠩᠬᠠᠳᠠᠭᠴᠢ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠮᠥᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠲᠥᠷᠥ ᠶᠢᠨ ᠪᠣᠳᠣᠯᠭ᠎ᠠ ᠶᠢ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠬᠤ ᠡᠭᠦᠳᠡᠨ ᠠᠴᠠ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ;ᠡᠷᠭᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠥᠩᠭᠡᠷᠡᠭᠡᠭᠰᠡᠨ ᠦᠭᠡᠢ ᠪᠤᠶᠤ ᠬᠢᠨᠠᠨ ᠪᠠᠶᠢᠴᠠᠭᠠᠯᠲᠠ ᠪᠠᠷ ᠲᠠᠮᠵᠢᠨ ᠥᠷᠢᠰᠦᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠪᠠᠶᠢᠳᠠᠯ ᠣᠷᠣᠰᠢᠵᠤ ᠪᠠᠶᠢᠪᠠᠯ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ ᠪᠤᠯᠬᠤ ᠦᠭᠡᠢ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠡᠷᠬᠡ ᠲᠡᠭᠰᠢ ᠥᠷᠢᠰᠦᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠲᠣᠭᠲᠠᠭᠠᠯ ᠪᠠ ᠠᠷᠭ᠎ᠠ ᠬᠢᠳᠡᠯ ᠢ ᠡᠬᠢ ᠡᠭᠦᠰᠦᠯ ᠠᠴᠠ ᠨᠢ ᠬᠦᠴᠦᠯᠡᠨ ᠪᠠᠭᠠᠰᠬᠠᠬᠤ ᠬᠡᠷᠡᠭᠲᠡᠢ ᠭᠡᠵᠦ ᠲᠠᠨᠢᠯᠴᠠᠭᠤᠯᠪᠠ᠃      ᠳᠦᠷᠢᠮ ᠳᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠠᠬ᠎ᠠ ᠳᠡᠯᠭᠡᠭᠦᠷ ᠤᠨ ᠣᠨᠴᠠᠯᠢᠭ ᠪᠠ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠨᠡᠶᠢᠲᠡ 5 ᠪᠦᠯᠦᠭ 22 ᠵᠦᠢᠯ ᠪᠤᠶ᠂ ᠡᠭᠦᠨ ᠳᠤ ᠭᠤᠣᠯᠳᠠᠭᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠶᠡᠷᠦᠩᠬᠡᠢ ᠳᠦᠷᠢᠮ᠂ ᠬᠢᠨᠠᠨ ᠪᠠᠶᠢᠴᠠᠭᠠᠬᠤ ᠪᠠᠷᠢᠮᠵᠢᠶ᠎ᠠ᠂ ᠬᠢᠨᠠᠨ ᠪᠠᠶᠢᠴᠠᠭᠠᠬᠤ ᠲᠣᠭᠲᠠᠴᠠ᠂ ᠬᠢᠨᠠᠯᠲᠠ ᠬᠠᠮᠢᠶᠠᠷᠤᠯᠲᠠ ᠪᠠ ᠳᠠᠭᠠᠯᠳᠤᠭᠤᠯᠤᠯ ᠳᠦᠷᠢᠮ ᠵᠡᠷᠭᠡ ᠠᠭᠤᠯᠭ᠎ᠠ ᠪᠠᠭᠲᠠᠨ᠎ᠠ᠃      ᠬᠢᠨᠠᠨ ᠪᠠᠶᠢᠴᠠᠭᠠᠬᠤ ᠪᠠᠷᠢᠮᠵᠢᠶ᠎ᠠ ᠶᠢᠨ ᠲᠠᠯ᠎ᠠ ᠪᠠᠷ᠂ ᠳᠦᠷᠢᠮ ᠨᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠦᠢᠯᠡᠳᠦᠯᠭᠡ ᠶᠢᠨ ᠳᠤᠮᠳᠠ ᠪᠠᠶᠢᠩᠭᠤ ᠲᠣᠬᠢᠶᠠᠯᠳᠤᠳᠠᠭ ᠡᠯ᠎ᠡ ᠲᠥᠷᠥᠯ ᠤᠨ ᠵᠦᠢ ᠵᠣᠬᠢᠰ ᠦᠭᠡᠢ ᠬᠢᠵᠠᠭᠠᠷᠯᠠᠯ ᠳᠤ ᠴᠢᠭᠯᠡᠭᠦᠯᠦᠨ᠂ 7 ᠲᠠᠯ᠎ᠠ ᠶᠢᠨ 40 ᠭᠠᠷᠤᠢ ᠵᠦᠢᠯ ᠤᠨ ᠪᠣᠳᠠᠲᠠᠢ ᠬᠢᠨᠠᠨ ᠪᠠᠶᠢᠴᠠᠭᠠᠬᠤ ᠪᠠᠷᠢᠮᠵᠢᠶ᠎ᠠ ᠶᠢ ᠳᠤᠷᠠᠳᠴᠤ᠂ ᠬᠢᠨᠠᠨ ᠪᠠᠶᠢᠴᠠᠭᠠᠬᠤ ᠪᠣᠳᠠᠲᠠᠢ ᠱᠠᠭᠠᠷᠳᠠᠯᠭ᠎ᠠ ᠶᠢ ᠲᠣᠭᠲᠠᠭᠠᠨ᠂ ᠬᠢᠷᠢ ᠭᠡᠮ ᠢ ᠤᠷᠢᠳᠴᠢᠯᠠᠨ ᠬᠢᠨᠠᠬᠤ᠂ ᠳᠠᠭᠠᠭᠠᠴᠢᠯᠠᠯᠲᠠ ᠦᠨᠡᠯᠡᠬᠦ ᠠᠷᠭ᠎ᠠ᠂ ᠳᠠᠭᠠᠭᠠᠴᠢᠯᠠᠯᠲᠠ ᠦᠨᠡᠯᠡᠬᠦ ᠪᠠᠷᠢᠮᠵᠢᠶ᠎ᠠ᠂ ᠳᠠᠭᠠᠭᠠᠴᠢᠯᠠᠯᠲᠠ ᠲᠣᠭᠲᠠᠭᠠᠬᠤ ᠪᠠᠷᠢᠮᠵᠢᠶ᠎ᠠ᠂ ᠢᠲᠡᠭᠡᠮᠵᠢ ᠶᠢᠨ ᠦᠨᠡᠯᠡᠯᠲᠡ᠂ ᠪᠠᠲᠤᠯᠠᠭ᠎ᠠ ᠶᠢᠨ ᠮᠥᠩᠭᠦ ᠬᠤᠷᠢᠶᠠᠬᠤ ᠵᠡᠷᠭᠡ ᠲᠠᠯ᠎ᠠ ᠶᠢᠨ ᠠᠷᠠᠯᠵᠢᠶᠠᠨ ᠤ ᠪᠠᠬᠢᠯᠡᠯᠲᠡ ᠶᠢ ᠭᠤᠣᠯᠳᠠᠯᠭ᠎ᠠ ᠲᠠᠢ ᠰᠢᠢᠳᠪᠦᠷᠢᠯᠡᠪᠡ᠃      ᠬᠢᠨᠠᠨ ᠪᠠᠶᠢᠴᠠᠭᠠᠬᠤ ᠲᠣᠭᠲᠠᠴᠠ ᠶᠢᠨ ᠲᠠᠯ᠎ᠠ ᠪᠠᠷ᠂ ᠳᠦᠷᠢᠮ ᠳᠤ ᠲᠦᠷᠦ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠥᠷᠨᠢᠭᠦᠯᠬᠦ ᠠᠵᠢᠯ ᠤᠨ ᠲᠣᠭᠲᠠᠴᠠ᠂ ᠠᠵᠢᠯ ᠤᠨ ᠶᠠᠪᠤᠴᠠ᠂ ᠬᠢᠨᠠᠨ ᠪᠠᠶᠢᠴᠠᠭᠠᠭᠰᠠᠨ ᠳ᠋ᠦᠩᠨᠡᠯᠲᠡ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠢᠨᠠᠨ ᠵᠥᠪᠯᠡᠭᠦᠯᠬᠦ ᠪᠠᠷ ᠳᠡᠪᠰᠢᠭᠦᠯᠬᠦ ᠪᠤᠶᠤ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨ᠎ᠡ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠪᠡᠶᠡᠯᠡᠭᠦᠯᠬᠦ ᠬᠡᠷᠡᠭᠲᠡᠢ ᠪᠥᠭᠡᠳ ᠬᠢᠨᠠᠨ ᠪᠠᠶᠢᠴᠠᠭᠠᠬᠤ ᠶᠠᠪᠤᠴᠠ ᠳᠤ ᠵᠣᠬᠢᠰᠲᠠᠢ ᠠᠷᠭ᠎ᠠ ᠭᠡᠯᠪᠡᠷᠢ ᠪᠠᠷ ᠬᠤᠯᠪᠣᠭᠳᠠᠯ ᠪᠦᠬᠦᠢ ᠡᠵᠡᠩᠨᠡᠯᠲᠡ ᠶᠢᠨ ᠭᠤᠣᠯ ᠴᠣᠭᠴᠠ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠵᠡᠷᠭᠡ ᠶᠢᠨ ᠰᠠᠨᠠᠯ ᠢ ᠰᠣᠨᠣᠰᠬᠤ ᠬᠡᠷᠡᠭᠲᠡᠢ ᠭᠡᠵᠦ ᠴᠢᠬᠤᠯᠠᠴᠢᠯᠠᠪᠠ᠃      ᠬᠢᠨᠠᠯᠲᠠ ᠬᠠᠮᠢᠶᠠᠷᠤᠯᠲᠠ ᠶᠢ ᠨᠡᠩ ᠰᠠᠶᠢᠨ ᠪᠤᠯᠭᠠᠬᠤ ᠶᠢᠨ ᠲᠥᠯᠥᠭᠡ᠂ ᠳᠦᠷᠢᠮ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠲᠣᠭᠲᠠᠮᠠᠯ ᠬᠤᠭᠤᠴᠠᠭ᠎ᠠ ᠲᠠᠢ ᠪᠠᠷ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠦᠨᠡᠯᠡᠨ ᠢᠯᠭᠠᠷᠠᠭᠤᠯᠬᠤ ᠠᠵᠢᠯ ᠢ ᠥᠷᠨᠢᠭᠦᠯᠵᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠠᠬ᠎ᠠ ᠳᠡᠯᠭᠡᠭᠦᠷ ᠤᠨ ᠪᠠᠬᠢᠯᠡᠯᠲᠡ ᠶᠢᠨ ᠰᠦᠪᠡᠭᠴᠢ ᠶᠢ ᠴᠤᠭᠯᠠᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠲᠦᠷᠦᠯ ᠤᠨ ᠡᠷᠬᠡ ᠲᠡᠭᠰᠢ ᠥᠷᠢᠰᠦᠯᠳᠦᠭᠡᠨ ᠠᠴᠠ ᠵᠥᠷᠢᠴᠡᠭᠰᠡᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠥᠳᠡᠯᠦᠩᠭᠦᠢ ᠪᠠᠷ ᠴᠡᠪᠡᠷᠯᠡᠨ ᠬᠦᠴᠦᠨ ᠦᠭᠡᠢ ᠪᠤᠯᠭᠠᠵᠤ᠂ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠠᠷᠢᠭᠤᠴᠠᠯᠭ᠎ᠠ ᠶᠢᠨ ᠭᠤᠣᠯ ᠴᠣᠭᠴᠠ ᠶᠢ ᠪᠣᠳᠠᠲᠠᠶᠢᠵᠢᠭᠤᠯᠬᠤ ᠶᠢᠨ ᠲᠥᠯᠥᠭᠡ᠂ ᠳᠦᠷᠢᠮ ᠳᠤ ᠲᠦᠷᠦ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠲᠤᠰ ᠪᠠᠶᠢᠭᠤᠯᠭ᠎ᠠ ᠶᠢᠨ ᠡᠷᠬᠡ ᠲᠡᠭᠰᠢ ᠪᠠᠷ ᠥᠷᠢᠰᠦᠯᠳᠦᠬᠦ ᠬᠢᠨᠠᠨ ᠪᠠᠶᠢᠴᠠᠭᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠲᠤᠰᠬᠠᠢ ᠪᠠᠶᠢᠭᠤᠯᠤᠮᠵᠢ ᠶᠢ ᠲᠣᠭᠲᠠᠭᠠᠵᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠭᠤᠯᠪᠠᠯ ᠵᠤᠭᠢᠨ᠎ᠠ; ᠣᠯᠠᠨ ᠰᠠᠯᠠᠭ᠎ᠠ ᠮᠥᠴᠢᠷ ᠲᠤ ᠬᠤᠯᠪᠣᠭᠳᠠᠪᠠᠯ᠂ ᠲᠦᠷᠦᠭᠦᠯᠡᠨ ᠬᠢᠬᠦ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠬᠤ ᠶᠢᠨ ᠵᠡᠷᠭᠡ ᠪᠠᠷ ᠪᠢᠴᠢᠭ ᠤᠨ ᠭᠡᠯᠪᠡᠷᠢ ᠶᠢᠨ ᠬᠢᠨᠠᠨ ᠪᠠᠶᠢᠴᠠᠭᠠᠭᠰᠠᠨ ᠦᠷ᠎ᠡ ᠳ᠋ᠦᠩ ᠭᠠᠷᠭᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃      ᠲᠠᠨᠢᠯᠴᠠᠭᠤᠯᠤᠭᠰᠠᠨ ᠢᠶᠠᠷ᠂ ᠲᠣᠰ ᠳᠦᠷᠢᠮ ᠢ 2024 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号