ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ᠄ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠠᠴᠠ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ | ᠡᠷᠬᠡ ᠣᠯᠭᠤᠬᠤ ᠵᠢᠯᠤᠭᠤᠳᠬᠤ ᠭᠠᠷᠴᠠᠭ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠬᠠᠤᠯᠢ | ᠮᠡᠳᠡᠭᠳᠡᠯ ︹2024︺ 21 ᠳ᠋ᠦ᠋ᠭᠡᠷ ᠲᠣᠭᠠᠲᠤ︶ ᠪᠠ ᠬᠥᠬᠡᠬᠤᠲᠠ ᠶᠢᠨ ︽ᠬᠥᠬᠡᠬᠤᠲᠠ ᠶᠢᠨ ︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠡᠷᠬᠡ ᠣᠯᠭᠤᠬᠤ ᠵᠢᠯᠤᠭᠤᠳᠬᠤ ᠭᠠᠷᠴᠠᠭ﹀ ᠤᠨ ᠬᠡᠷᠡᠭᠵᠢᠭᠦᠯᠬᠦ ᠰᠠᠨᠠᠯ ᠢ | ᠲᠤᠭᠤᠰᠢᠯᠠᠭᠤᠯᠣᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︵ᠬᠥᠬᠡᠬᠤᠲᠠ ᠬᠠᠤᠯᠢ ᠮᠡᠳᠡᠭᠳᠡᠯ ︹2024︺ | 17 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠦᠨᠳᠦᠰᠦᠨ ᠱᠠᠲᠤᠨ ᠤ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠣᠳᠣᠬᠢ ᠪᠠᠶᠢᠳᠠᠯ ᠪᠠ ᠰᠢᠶᠠᠩ ᠪᠠᠯᠭᠠᠰᠤᠨ ᠤ | ᠳᠠᠭᠠᠭᠠᠨ ᠠᠪᠬᠤ ᠴᠢᠳᠠᠪᠤᠷᠢ ᠶᠢ ᠭᠦᠢᠴᠡᠳ ᠣᠶᠢᠯᠠᠭᠠᠭᠰᠠᠨ ᠰᠠᠭᠤᠷᠢᠨ ᠳᠡᠭᠡᠷ᠎ᠡ᠂ ᠮᠠᠨ ᠤ ᠰᠢᠶᠠᠨ ᠤ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠡᠴᠦᠰ ᠲᠡᠭᠡᠨ ᠡᠯ᠎ᠡ ᠰᠢᠶᠠᠩ ᠪᠠᠯᠭᠠᠰᠤ ᠨᠡᠶᠢᠲᠡ 56 ᠵᠦᠢᠯ ᠤᠨ ᠡᠷᠬᠡ ᠣᠯᠭᠤᠬᠤ | ᠵᠦᠢᠯᠡᠰ ᠢ ᠳᠠᠭᠠᠭᠠᠨ ᠠᠪᠬᠤ ᠪᠠᠷ ᠲᠣᠭᠲᠠᠪᠠ᠂ ᠪᠦᠬᠦᠨ ᠢᠶᠠᠷ ᠢᠶᠠᠨ ᠵᠠᠰᠠᠭ ᠵᠠᠬᠢᠷᠭᠠᠨ ᠤ ᠰᠢᠢᠳᠬᠡᠯ ᠪᠣᠯᠣᠨ᠎ᠠ᠃ | ︵ᠳᠠᠭᠠᠯᠳᠤᠭᠤᠯᠤᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠰᠤᠮᠤ ᠰᠢᠶᠠᠩ ᠪᠠᠯᠭᠠᠰᠤ ( ᠵᠡᠭᠡᠯᠢ | ᠭᠤᠳᠤᠮᠵᠢ ) ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠡᠷᠬᠡ ᠣᠯᠭᠤᠬᠤ ᠵᠦᠢᠯᠡᠰ ᠤᠨ ᠨᠠᠷᠢᠨ | ᠬᠠᠭᠤᠳᠠᠰᠤ︾︶᠃ | ᠳᠣᠷᠣᠭᠰᠢ ᠪᠠᠭᠤᠯᠭᠠᠭᠰᠠᠨ 56 ᠡᠷᠬᠡ ᠶᠢᠨ ᠳᠣᠲᠣᠷ᠎ᠠ᠂ ᠨᠢᠭᠡᠳᠦᠭᠡᠷ ᠵᠦᠢᠯ ᠠᠴᠠ ᠳᠥᠴᠢᠨ ᠵᠢᠷᠭᠤᠳᠤᠭᠠᠷ | ᠵᠦᠢᠯ ᠬᠦᠷᠲᠡᠯ᠎ᠡ ᠪᠣᠯ ᠮᠠᠨ ᠤ ᠰᠢᠶᠠᠨ ᠤ 2019 ᠣᠨ ᠳᠤ ᠳᠠᠭᠠᠭᠠᠨ ᠠᠪᠤᠭᠰᠠᠨ ᠥᠪᠡᠷᠲᠡᠭᠡᠨ ᠵᠠᠰᠠᠬᠤ | ᠣᠷᠣᠨ ᠠᠴᠠ ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠵᠠᠰᠠᠭ ᠵᠠᠬᠢᠷᠭᠠᠨ ᠤ ᠰᠢᠢᠳᠬᠡᠯ ᠳᠤ ᠡᠷᠬᠡ | ᠣᠯᠭᠤᠭᠰᠠᠨ ᠵᠦᠢᠯᠡᠰ ᠪᠣᠯᠣᠨ᠎ᠠ᠂ ︵ᠡᠭᠦᠨ ᠳᠤ ᠠᠷᠪᠠ ᠶᠢᠰᠦᠳᠦᠭᠡᠷ ᠵᠦᠢᠯ ᠪᠠ ᠬᠤᠷᠢᠳᠤᠭᠠᠷ ᠵᠦᠢᠯ ᠨᠢ 2019 | ᠣᠨ ᠤ ᠡᠷᠬᠡ ᠣᠯᠭᠤᠬᠤ ᠨᠠᠷᠢᠨ ᠬᠠᠭᠤᠳᠠᠰᠤ ᠳᠠᠬᠢ ᠲᠠᠪᠢᠳᠤᠭᠠᠷ ᠵᠦᠢᠯ ᠤᠨ ᠵᠠᠳᠠᠯᠤᠯᠲᠠ︶᠂ ᠳᠥᠴᠢᠨ ᠳᠣᠯᠣᠳᠤᠭᠠᠷ | ᠵᠦᠢᠯ ᠠᠴᠠ ᠲᠠᠪᠢᠨ ᠵᠢᠷᠭᠤᠳᠤᠭᠠᠷ ᠵᠦᠢᠯ ᠬᠦᠷᠲᠡᠯ᠎ᠡ ᠪᠣᠯ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠡᠷᠬᠡ | ᠣᠯᠭᠤᠬᠤ ᠵᠦᠢᠯᠡᠰ ᠪᠣᠯᠣᠨ᠎ᠠ᠃ | | | ᠳᠠᠭᠠᠯᠳᠤᠭᠤᠯᠤᠯ᠄ ᠰᠢᠶᠠᠩ ᠪᠠᠯᠭᠠᠰᠤᠨ ᠤ ᠡᠷᠬᠡ ᠣᠯᠭᠤᠬᠤ ᠵᠦᠢᠯᠡᠰ ᠤᠨ ᠨᠠᠷᠢᠨ ᠬᠠᠭᠤᠳᠠᠰᠤ ︵ᠦᠴᠦᠸᠠᠨ | ᠰᠢᠶᠠᠨ ᠤ 2024 ᠣᠨ︶ | | | | ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | 2024 ᠣᠨ ᠤ 4 ᠰᠠᠷ᠎ᠠ ᠶᠢᠨ 30 ᠤ ᠡᠳᠦᠷ | |