ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ᠄ | | ᠲᠠᠷᠢᠶᠠᠨ ᠭᠠᠵᠠᠷ ᠢ ᠤᠯᠠᠮ ᠨᠢᠭᠡ ᠠᠯᠬᠤᠮ ᠴᠢᠩᠭ᠎ᠠ ᠬᠠᠮᠠᠭᠠᠯᠠᠵᠤ᠂ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠬᠤ ᠶᠢᠨ ᠲᠥᠯᠥᠭᠡ᠂ | ᠡᠳᠦᠭᠡ ︽ᠦᠴᠦᠸᠠᠨ ᠰᠢᠶᠠᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠤᠨ ᠠᠵᠢᠯ ᠤᠨ ᠲᠥᠰᠥᠯ︾ ᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | | ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 5 ᠰᠠᠷ᠎ᠠ ᠶᠢᠨ 8 ᠤ ᠡᠳᠦᠷ | | | ᠦᠴᠦᠸᠠᠨ ᠰᠢᠶᠠᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ | ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠤᠨ ᠠᠵᠢᠯ ᠤᠨ ᠲᠥᠰᠥᠯ | | ᠲᠠᠷᠢᠶᠠᠨ ᠭᠠᠵᠠᠷ ᠢ ᠤᠯᠠᠮ ᠨᠢᠭᠡ ᠠᠯᠬᠤᠮ ᠴᠢᠩᠭ᠎ᠠ ᠬᠠᠮᠠᠭᠠᠯᠠᠵᠤ᠂ ᠬᠥᠳᠡᠭᠡ ᠲᠣᠰᠬᠤᠨ ᠤ ᠰᠠᠭᠤᠭᠠᠯᠢ | ᠠᠷᠠᠳ ᠤᠨ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠦᠯᠡᠳᠡᠭᠡᠯ ᠭᠠᠵᠠᠷ ᠢ ᠠᠮᠢᠳᠤᠯᠢᠭᠵᠢᠭᠤᠯᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠵᠤ᠂ ᠭᠠᠵᠠᠷ ᠰᠢᠷᠣᠢ ᠶᠢ ᠠᠷᠪᠢᠲᠠᠢ | ᠡᠷᠴᠢᠮᠯᠢᠭ ᠬᠡᠷᠡᠭᠯᠡᠬᠦ ᠪᠠ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠶᠢ ᠠᠬᠢᠭᠤᠯᠬᠤ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶ ᠢ | ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ ᠦᠰᠦᠭ ﹇2022﹈ 354 | ᠳ᠋ᠦ᠋ᠭᠡᠷ ᠲᠣᠭᠠᠲᠤ︶ ᠵᠢᠴᠢ ︽ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ | ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠢ ᠬᠡᠷᠡᠭᠵᠢᠭᠦᠯᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ | ᠠᠯᠬᠤᠮ ᠵᠢᠷᠤᠮᠵᠢᠭᠤᠯᠬᠤ ᠪᠠ ᠲᠡᠭᠦᠯᠳᠡᠷᠵᠢᠭᠦᠯᠬᠦ ᠲᠤᠬᠠᠢ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ | ᠲᠠᠷᠬᠠᠭᠠᠭᠰᠠᠨ ﹇2019﹈ 519 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠢᠶᠠᠨ ᠤ | ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠵᠢᠯ ᠤᠨ ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ ᠪᠠ ᠵᠣᠷᠢᠯᠭ᠎ᠠ ᠠᠴᠢ ᠬᠤᠯᠪᠣᠭᠳᠠᠯ | (ᠨᠢᠭᠡ) ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠵᠤ ᠠᠬᠤᠢ ᠶᠢᠨ ᠲᠦᠷᠭᠡᠨ ᠨᠡᠮᠡᠭᠳᠡᠯ ᠪᠠ ᠭᠠᠵᠠᠷ ᠰᠢᠷᠣᠢ ᠶᠢ | ᠦᠷᠭᠦᠯᠵᠢᠯᠡᠨ ᠠᠰᠢᠭᠯᠠᠬᠤ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠬᠦ᠂ ᠠᠯᠬᠤᠮ ᠬᠤᠪᠢᠶᠠᠨ ᠬᠡᠷᠡᠭᠵᠢᠭᠦᠯᠬᠦ ᠵᠠᠷᠴᠢᠮ ᠶᠣᠰᠣᠭᠠᠷ᠂ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠠᠮᠢᠳᠤᠯᠢᠭᠵᠢᠭᠤᠯᠤᠨ ᠠᠰᠢᠭᠯᠠᠵᠤ᠂ ᠬᠤᠲᠠ | ᠬᠥᠳᠡᠭᠡ ᠶᠢᠨ ᠬᠡᠷᠡᠭᠯᠡᠬᠦ ᠭᠠᠵᠠᠷ ᠤᠨ ᠪᠦᠲᠦᠴᠡ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠭᠠᠵᠠᠷ ᠰᠢᠷᠣᠢ ᠶᠢ | ᠠᠷᠪᠢᠲᠠᠢ ᠡᠷᠴᠢᠮᠯᠢᠭ ᠠᠰᠢᠭᠯᠠᠬᠤ ᠶᠢ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠬᠥᠭᠵᠢᠭᠰᠡᠨ ᠬᠤᠲᠠ ᠪᠠᠯᠭᠠᠰᠤᠨ ᠤ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠢ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠰᠤᠭᠳᠠᠯ ᠯᠤᠭ᠎ᠠ ᠬᠤᠯᠪᠣᠭᠳᠠᠭᠤᠯᠬᠤ ᠰᠠᠶᠢᠨ ᠣᠷᠴᠢᠯ ᠢ ᠠᠯᠬᠤᠮ | ᠠᠯᠬᠤᠮ ᠢᠶᠠᠷ ᠪᠠᠶᠢᠭᠤᠯᠤᠨ᠎ᠠ᠃ | (ᠬᠤᠶᠠᠷ) ᠵᠣᠷᠢᠯᠭ᠎ᠠ ᠪᠠ ᠠᠴᠢ ᠬᠤᠯᠪᠣᠭᠳᠠᠯ | ᠦᠴᠦᠸᠠᠨ ᠰᠢᠶᠠᠨ ᠤ ᠲᠠᠷᠠᠬᠠᠢ ᠪᠤᠲᠠᠷᠬᠠᠢ ᠪᠠᠶᠢᠭ᠎ᠠ ᠰᠠᠭᠤᠭᠠᠯᠢ ᠠᠷᠠᠳ ᠲᠥᠪᠯᠡᠷᠡᠭᠰᠡᠨ ᠭᠠᠵᠠᠷ ᠵᠢᠴᠢ | ᠰᠢᠶᠠᠩ ᠢ ᠬᠠᠰᠤᠵᠤ ᠪᠠᠯᠭᠠᠰᠤ ᠪᠣᠯᠭᠠᠭᠰᠠᠨ ᠤ ᠳᠠᠷᠠᠭᠠᠬᠢ ᠦᠷ᠎ᠡ ᠪᠦᠲᠦᠮᠵᠢ ᠪᠠᠷ ᠳᠣᠣᠷ᠎ᠠ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠡᠷᠭᠦᠭᠡᠨ ᠬᠠᠭᠠᠯᠪᠤᠷᠢᠯᠠᠵᠤ ᠲᠣᠬᠢᠷᠠᠭᠤᠯᠤᠨ ᠠᠰᠢᠭᠯᠠᠵᠤ᠂ ᠭᠠᠵᠠᠷ ᠰᠢᠷᠣᠢ ᠶᠢ | ᠠᠷᠪᠢᠲᠠᠢ ᠡᠷᠴᠢᠮᠯᠢᠭ ᠠᠰᠢᠭᠯᠠᠬᠤ ᠶᠢ ᠲᠦᠯᠬᠢᠨ ᠠᠬᠢᠭᠤᠯᠵᠤ᠂ ᠲᠠᠷᠢᠶᠠᠴᠢᠳ ᠤᠨ ᠣᠷᠣᠰᠢᠨ ᠰᠠᠭᠤᠬᠤ ᠣᠷᠴᠢᠨ | ᠲᠣᠭᠤᠷᠢᠨ ᠪᠣᠯᠣᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠲᠠᠷᠢᠶᠠᠴᠢᠨ ᠮᠠᠯᠴᠢᠳ ᠤᠨ | ᠠᠵᠤ ᠠᠬᠤᠢ ᠶᠢᠨ ᠣᠷᠣᠯᠭ᠎ᠠ ᠶᠢ ᠳᠡᠭᠡᠭᠰᠢᠯᠡᠭᠦᠯᠦᠨ᠎ᠡ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠨᠡᠮᠡᠭᠳᠡᠭᠦᠯᠬᠦ ᠦᠭᠡᠢ᠂ ᠲᠠᠷᠢᠶᠠᠨ ᠭᠠᠵᠠᠷ ᠢ ᠪᠠᠭᠠᠰᠬᠠᠬᠤ ᠦᠭᠡᠢ ᠪᠠᠶᠢᠬᠤ ᠶᠢ ᠪᠠᠲᠤᠯᠠᠭᠰᠠᠨ ᠤᠷᠢᠲᠠᠯ ᠳᠣᠣᠷ᠎ᠠ᠂ ᠭᠠᠵᠠᠷ | ᠬᠡᠷᠡᠭᠯᠡᠬᠦ ᠪᠦᠲᠦᠴᠡ ᠪᠠ ᠪᠠᠶᠢᠷᠢᠰᠢᠭᠤᠯᠤᠯ ᠢ ᠵᠦᠢ ᠵᠣᠬᠢᠰᠲᠠᠢ ᠲᠣᠬᠢᠷᠠᠭᠤᠯᠤᠨ᠂ ᠲᠥᠷᠥᠯ ᠵᠦᠢᠯ ᠤᠨ ᠣᠷᠣᠨ ᠤ | ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠠᠵᠤ ᠠᠬᠤᠢ ᠶᠢᠨ ᠲᠦᠷᠭᠡᠨ ᠬᠥᠭᠵᠢᠯᠲᠡ ᠶᠢ | ᠬᠠᠩᠭᠠᠬᠤ ᠠᠬᠤᠢ ᠪᠠᠶᠢᠳᠠᠯ ᠳᠣᠣᠷ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠮᠥᠷᠲᠡᠭᠡᠨ ᠪᠠᠰᠠ ᠲᠠᠷᠢᠶᠠᠨ ᠭᠠᠵᠠᠷ ᠢ ᠬᠠᠮᠠᠭᠠᠯᠠᠬᠤ ᠵᠣᠷᠢᠯᠭ᠎ᠠ ᠳᠤ ᠬᠦᠷᠴᠦ᠂ ᠵᠠᠬ᠎ᠠ | ᠳᠡᠯᠭᠡᠭᠦᠷ ᠤᠨ ᠳᠠᠯᠳᠠ ᠬᠦᠴᠦᠨ ᠢ ᠬᠥᠭᠵᠢᠭᠡᠨ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠨᠳᠤᠰᠢ ᠶᠢ | ᠠᠮᠢᠳᠤᠯᠢᠭ ᠪᠣᠯᠭᠠᠨ᠎ᠠ᠃ | ᠬᠤᠶᠠᠷ᠂ ᠵᠠᠷᠴᠢᠮ ᠪᠠ ᠦᠨᠳᠦᠰᠦᠯᠡᠯ | (ᠨᠢᠭᠡ) ᠦᠨᠳᠦᠰᠦᠨ ᠵᠠᠷᠴᠢᠮ | 1᠂ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠬᠠᠮᠲᠤᠪᠠᠷ ᠲᠦᠯᠬᠢᠨ ᠠᠬᠢᠭᠤᠯᠤᠨ᠎ᠠ᠃ ᠨᠡᠮᠡᠭᠳᠡᠯ ᠬᠠᠰᠤᠭᠳᠠᠯ ᠢ | ᠬᠤᠯᠪᠣᠭᠳᠠᠭᠤᠯᠬᠤ ᠠᠵᠢᠯ ᠢ ︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠲᠠᠪᠴᠠᠩ ᠪᠠᠶᠢᠭᠤᠯᠬᠤ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ᠂ ᠣᠯᠠᠨ ᠲᠦᠮᠡᠨ ᠣᠷᠣᠯᠴᠠᠬᠤ︾ | ᠠᠷᠭ᠎ᠠ ᠮᠠᠶ᠋ᠢᠭ ᠢᠶᠠᠷ ᠠᠬᠢᠭᠤᠯᠤᠨ ᠬᠡᠷᠡᠭᠵᠢᠭᠦᠯᠵᠦ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ | ᠲᠦᠷᠦᠭᠦᠯᠡᠨ ᠵᠣᠬᠢᠶᠠᠨ ᠪᠠᠶᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠣᠰ ᠲᠣᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠲᠥᠷᠥᠯ ᠵᠦᠢᠯ ᠢ ᠬᠡᠷᠡᠭᠵᠢᠭᠦᠯᠬᠦ ᠪᠠᠷ | ᠭᠤᠣᠯ ᠪᠣᠯᠭᠠᠨ᠂ ᠠᠵᠢᠯ ᠢᠶᠠᠨ ᠬᠠᠮᠲᠤ ᠪᠠᠷ ᠠᠬᠢᠭᠤᠯᠤᠨ᠎ᠠ᠃ | 2᠂ ᠨᠢᠭᠡᠳᠦᠯᠲᠡᠢ ᠲᠥᠯᠥᠪᠵᠢᠭᠦᠯᠵᠦ᠂ ᠨᠡᠮᠡᠵᠦ ᠬᠠᠰᠤᠬᠤ ᠶᠢ ᠲᠡᠩᠴᠡᠭᠦᠷᠢᠲᠡᠢ ᠪᠠᠶᠢᠯᠭᠠᠨ᠎ᠠ᠃ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ᠂ ᠲᠥᠷᠥᠯ ᠵᠦᠢᠯ ᠤᠨ | ᠲᠣᠭᠤᠷᠢᠭ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢᠨ ᠬᠠᠮᠲᠤ ᠵᠦᠢ ᠵᠣᠬᠢᠰᠲᠠᠢ ᠵᠣᠬᠢᠶᠠᠨ ᠪᠠᠶᠢᠭᠤᠯᠵᠤ᠂ | ᠲᠥᠷᠥᠯ ᠵᠦᠢᠯ ᠤᠨ ᠰᠢᠨ᠎ᠡ ᠲᠣᠭᠤᠷᠢᠭ ᠢ ᠪᠠᠶᠢᠭᠤᠯᠬᠤ ᠪᠠ ᠬᠠᠭᠤᠴᠢᠨ ᠲᠣᠭᠤᠷᠢᠭ ᠢ ᠨᠤᠷᠠᠭᠠᠬᠤ ᠶᠢ ᠵᠦᠢ | ᠵᠣᠬᠢᠰᠲᠠᠢ ᠪᠠᠶᠢᠷᠢᠯᠠᠭᠤᠯᠤᠨ᠂ ᠰᠢᠨ᠎ᠡ ᠪᠠᠷ ᠪᠠᠶᠢᠭᠤᠯᠵᠤ ᠬᠠᠭᠤᠴᠢᠨ ᠢ ᠨᠤᠷᠠᠭᠠᠬᠤ ᠬᠡᠪᠴᠢᠶ᠎ᠡ ᠶᠢ ᠵᠣᠬᠢᠰᠲᠠᠢ | ᠬᠢᠵᠠᠭᠠᠷᠯᠠᠵᠤ᠂ ᠬᠤᠲᠠ ᠬᠥᠳᠡᠭᠡ ᠶᠢᠨ ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠪᠠ ᠪᠦᠲᠦᠴᠡ ᠶᠢᠨ | ᠲᠣᠬᠢᠷᠠᠭᠤᠯᠤᠯᠲᠠ ᠶᠢ ᠬᠥᠲᠥᠯᠥᠨ ᠵᠢᠯᠤᠭᠤᠳᠴᠤ᠂ ᠲᠥᠷᠥᠯ ᠵᠦᠢᠯ ᠤᠨ ᠲᠣᠭᠤᠷᠢᠭ ᠢ ᠬᠡᠷᠡᠭᠵᠢᠭᠦᠯᠦᠭᠰᠡᠨ ᠤ ᠳᠠᠷᠠᠭ᠎ᠠ᠂ | ᠲᠠᠷᠢᠶᠠᠨ ᠭᠠᠵᠠᠷ ᠤᠨ ᠪᠦᠲᠦᠮᠵᠢᠲᠡᠶ ᠲᠠᠯᠠᠪᠠᠶ ᠶᠢ ᠨᠡᠮᠡᠭᠳᠡᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ | ᠳᠡᠭᠡᠭᠰᠢᠯᠡᠭᠦᠯᠦᠨ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶ᠎ᠡ ᠶᠢ ᠤᠤᠯ ᠤᠨ | ᠬᠡᠪᠴᠢᠶ᠎ᠡ ᠠᠴᠠ ᠳᠠᠪᠠᠭᠤᠯᠬᠤ ᠦᠭᠡᠢ ᠪᠠᠶᠢᠵᠤ᠂ ᠬᠥᠳᠡᠯᠦᠩᠭᠦᠢ ᠪᠠᠷ ᠲᠡᠩᠴᠡᠭᠦᠷᠢᠰᠢᠭᠦᠯᠬᠦ ᠳᠤ ᠬᠦᠷᠦᠭᠦᠯᠦᠨ᠎ᠡ᠃ | 3᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠭᠦᠯᠦᠨ᠎ᠡ᠃ ᠦᠨᠡᠨ ᠠᠴᠠ ᠵᠥᠪ ᠢ | ᠡᠷᠢᠬᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠨ᠂ ᠲᠠᠷᠢᠶᠠᠨ ᠭᠠᠵᠠᠷ ᠢ ᠬᠠᠮᠠᠭᠠᠯᠠᠬᠤ ᠳᠦᠷᠢᠮ᠂ | ᠭᠠᠵᠠᠷ ᠢ ᠠᠷᠪᠢᠯᠠᠨ ᠬᠡᠷᠡᠭᠯᠡᠬᠦ ᠳᠦᠷᠢᠮ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢ ᠬᠤᠲᠠ ᠪᠠᠯᠭᠠᠰᠤᠨ ᠤ | ᠬᠥᠭᠵᠢᠯᠲᠡ ᠯᠦᠭᠡ ᠬᠠᠷᠢᠯᠴᠠᠨ ᠤᠶᠠᠯᠳᠤᠭᠤᠯᠵᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠨᠠᠮᠳᠠᠭᠤᠯᠬᠤ ᠶᠢᠨ ᠬᠠᠮᠲᠤ ᠬᠥᠳᠡᠭᠡ ᠲᠣᠰᠬᠤᠨ ᠤ ᠳᠦᠷᠰᠦ ᠪᠠᠶᠢᠳᠠᠯ | ᠪᠣᠯᠣᠨ ᠠᠮᠢ ᠠᠬᠤᠢ ᠣᠷᠴᠢᠨ ᠲᠣᠭᠤᠷᠢᠨ ᠢ ᠬᠤᠪᠢᠷᠠᠭᠤᠯᠵᠤ᠂ ᠨᠡᠮᠡᠵᠦ ᠬᠠᠰᠤᠬᠤ ᠪᠠᠷ ᠳᠠᠮᠵᠢᠭᠤᠯᠤᠨ ᠲᠠᠷᠢᠶᠠᠯᠠᠩ ᠳᠤ | ᠬᠡᠷᠡᠭᠯᠡᠬᠦ ᠭᠠᠵᠠᠷ ᠢᠯᠠᠩᠭᠤᠶ᠎ᠠ ᠲᠠᠷᠢᠶᠠᠨ ᠭᠠᠵᠠᠷ ᠤᠨ ᠡᠬᠢ ᠪᠠᠶᠠᠯᠢᠭ ᠢ ᠲᠥᠪᠯᠡᠷᠡᠭᠦᠯᠦᠨ ᠵᠠᠯᠭᠠᠯᠳᠤᠭᠤᠯᠬᠤ ᠶᠢ | ᠪᠡᠶᠡᠯᠡᠭᠦᠯᠵᠦ᠂ ᠡᠷᠴᠢᠮᠵᠢᠭᠦᠯᠬᠦ᠂ ᠬᠡᠪᠴᠢᠶᠡᠵᠢᠭᠦᠯᠦᠨ ᠠᠰᠢᠭᠯᠠᠬᠤ ᠶᠢ ᠪᠡᠶᠡᠯᠡᠭᠦᠯᠵᠦ᠂ ᠪᠣᠬᠢᠷᠲᠤᠯ ᠦᠭᠡᠢ | ᠬᠥᠭᠵᠢᠯᠲᠡ ᠶᠢᠨ ᠠᠷᠭ᠎ᠠ ᠮᠠᠶ᠋ᠢᠭ ᠪᠣᠯᠣᠨ ᠠᠮᠢᠳᠤᠷᠠᠯ ᠤᠨ ᠠᠷᠭ᠎ᠠ ᠮᠠᠶ᠋ᠢᠭ ᠲᠡᠰᠢ ᠠᠯᠬᠤᠮ ᠠᠯᠬᠤᠮ ᠢᠶᠠᠷ | ᠬᠤᠪᠢᠷᠠᠭᠤᠯᠬᠤ ᠶᠢ ᠪᠡᠶᠡᠯᠡᠭᠦᠯᠦᠨ᠎ᠡ᠃ | 4᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠠᠯᠬᠤᠮ ᠳᠠᠷᠠᠭ᠎ᠠ ᠲᠠᠢ ᠤᠷᠤᠭᠰᠢᠯᠠᠨ᠎ᠠ᠃ ᠡᠯ᠎ᠡ | ᠭᠠᠵᠠᠷ ᠤᠨ ᠪᠠᠶᠢᠭᠠᠯᠢ ᠶᠢᠨ ᠨᠥᠬᠦᠴᠡᠯ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠭᠠᠵᠠᠷ ᠰᠢᠷᠣᠢ ᠶᠢᠨ | ᠠᠰᠢᠭᠯᠠᠯᠲᠠ ᠪᠠ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠠᠶᠢᠳᠠᠯ ᠢ ᠦᠨᠳᠦᠰᠦᠯᠡᠨ᠂ ᠲᠤᠬᠠᠢ ᠶᠢᠨ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠤᠷᠢᠳᠠᠪᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠢ ᠶᠢ ᠨᠢ | ᠨᠤᠷᠠᠭᠠᠭᠠᠳ᠂ ᠲᠡᠭᠰᠢᠯᠡᠨ ᠪᠠᠶᠢᠭᠤᠯᠵᠤ᠂ ᠭᠤᠣᠯᠳᠠᠯᠭ᠎ᠠ ᠪᠠᠨ ᠲᠣᠪᠤᠶᠢᠯᠭᠠᠨ᠂ ᠠᠯᠬᠤᠮ ᠬᠤᠪᠢᠶᠠᠨ ᠬᠡᠷᠡᠭᠵᠢᠭᠦᠯᠵᠦ᠂ | ᠠᠯᠬᠤᠮ ᠠᠯᠬᠤᠮ ᠢᠶᠠᠷ ᠲᠦᠯᠬᠢᠨ ᠠᠬᠢᠭᠤᠯᠤᠨ᠎ᠠ᠃ ᠵᠠᠰᠠᠭ ᠤᠨ ᠣᠷᠳᠣᠨ ᠤ ᠤᠳᠤᠷᠢᠳᠤᠯᠭ᠎ᠠ ᠴᠢᠬᠤᠯᠠᠴᠢᠯᠠᠭᠰᠠᠨ᠂ | ᠲᠤᠬᠠᠢ ᠶᠢᠨ ᠭᠠᠵᠠᠷ ᠤᠨ ᠣᠯᠠᠨ ᠲᠦᠮᠡᠨ ᠤ ᠢᠳᠡᠪᠬᠢᠵᠢᠯ ᠥᠨᠳᠥᠷ᠂ ᠪᠡᠯᠡ ᠮᠥᠩᠭᠦ ᠪᠠᠲᠤᠯᠠᠭ᠎ᠠ ᠲᠠᠢ ᠲᠥᠷᠥᠯ | ᠵᠦᠢᠯ ᠤᠨ ᠣᠷᠣᠨ ᠢ ᠰᠣᠩᠭᠤᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠡᠮᠬᠢᠯᠡᠬᠦ ︵ᠬᠠᠭᠤᠴᠢᠨ ᠢ | ᠨᠤᠷᠠᠭᠠᠬᠤ︶ ᠳᠠᠯᠳᠠ ᠬᠦᠴᠦᠨ ᠲᠠᠢ ᠰᠢᠶᠠᠩ ᠪᠠᠯᠭᠠᠰᠤ ᠤᠷᠢᠳᠠᠪᠠᠷ ᠠᠵᠢᠯ ᠢᠶᠠᠨ ᠥᠷᠨᠢᠭᠦᠯᠦᠨ᠎ᠡ᠃ | 5᠂ ᠠᠷᠠᠳ ᠤᠨ ᠰᠠᠨᠠᠭ᠎ᠠ ᠶᠢ ᠬᠦᠨᠳᠦᠳᠬᠡᠵᠦ᠂ ᠡᠷᠬᠡ ᠠᠰᠢᠭ ᠢ ᠪᠠᠲᠤᠯᠠᠨ᠎ᠠ᠃ ᠲᠥᠷᠥᠯ ᠵᠦᠢᠯ ᠤᠨ ᠣᠷᠣᠨ ᠤ | ᠠᠵᠢᠯ ᠤᠨ ᠲᠥᠰᠥᠯ ᠪᠣᠯᠣᠨ ᠬᠡᠷᠡᠭᠵᠢᠭᠦᠯᠦᠯᠲᠡ ᠨᠢ ᠡᠷᠬᠡᠪᠰᠢ ᠲᠣᠭᠲᠠᠭᠠᠯ ᠶᠣᠰᠣᠭᠠᠷ ᠳᠡᠰ ᠳᠠᠷᠠᠭᠠᠯᠠᠯ ᠤᠨ | ᠶᠣᠰᠣᠭᠠᠷ ᠮᠡᠳᠡᠭᠦᠯᠦᠨ ᠵᠥᠪᠰᠢᠶᠡᠷᠡᠭᠦᠯᠵᠦ᠂ ᠲᠥᠷᠥᠯ ᠵᠦᠢᠯ ᠤᠨ ᠣᠷᠣᠨ ᠤ ᠭᠠᠵᠠᠷ ᠰᠣᠩᠭᠤᠬᠤ | ᠪᠠᠶᠢᠷᠢᠰᠢᠭᠤᠯᠤᠯ ᠳᠤ ᠨᠤᠲᠠᠯᠠᠯᠲᠠ ᠬᠢᠬᠦ᠂ ᠰᠠᠨᠠᠯ ᠰᠣᠨᠣᠰᠬᠤ ᠶᠢ ᠬᠡᠷᠡᠭᠵᠢᠭᠦᠯᠵᠦ᠂ ᠲᠤᠬᠠᠢ ᠶᠢᠨ ᠭᠠᠵᠠᠷ ᠤᠨ | ᠲᠠᠷᠢᠶᠠᠴᠢᠳ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠢ ᠭᠦᠢᠴᠡᠳ ᠰᠢᠩᠭᠡᠬᠡᠨ ᠠᠪᠴᠤ᠂ ᠲᠥᠷᠥᠯ | ᠵᠦᠢᠯ ᠤᠨ ᠣᠷᠣᠨ ᠢ ᠬᠡᠷᠡᠭᠵᠢᠭᠦᠯᠬᠦ ᠶᠠᠪᠤᠴᠠ ᠳᠤ᠂ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠣᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠣᠬᠢᠷᠠᠭᠤᠯᠬᠤ᠂ ᠬᠠᠷᠢᠯᠴᠠᠨ ᠰᠣᠯᠢᠬᠤ᠂ ᠬᠠᠮᠲᠤ ᠶᠢᠨ ᠭᠠᠵᠠᠷ ᠰᠢᠷᠣᠢ | ᠲᠠᠲᠠᠪᠤᠷᠢᠯᠠᠬᠤ ᠵᠢᠴᠢ ᠲᠠᠷᠢᠶᠠᠴᠢᠳ ᠲᠤ ᠨᠥᠬᠦᠪᠦᠷᠢ ᠥᠭᠴᠦ ᠲᠥᠪᠬᠢᠨᠡᠭᠦᠯᠬᠦ ᠳᠤ ᠬᠤᠯᠪᠣᠭᠳᠠᠪᠠᠯ᠂ ᠤᠷᠢᠳᠠᠪᠠᠷ ᠢᠯᠡ | ᠨᠡᠶᠢᠲᠡᠯᠡᠵᠦ᠂ ᠲᠠᠷᠢᠶᠠᠴᠢᠳ ᠤᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠣᠯᠠᠨ | ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠨᠡᠶᠢᠭᠡᠮ ᠤᠨ ᠲᠣᠭᠲᠠᠭᠤᠨ ᠢ ᠪᠠᠲᠤᠯᠠᠨ᠎ᠠ᠃ | (ᠬᠤᠶᠠᠷ) ᠠᠵᠢᠯ ᠤᠨ ᠦᠨᠳᠦᠰᠦᠯᠡᠯ | 1᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ | ︵2020 ᠣᠨ ᠳᠤ ᠵᠠᠰᠠᠪᠤᠷᠢ ᠣᠷᠣᠭᠤᠯᠪᠠ︶ | 2᠂ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠬᠡᠷᠡᠭᠯᠡᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠡᠮᠵᠢᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ ᠤ ᠮᠡᠳᠡᠭᠳᠡᠯ︾ ︵ᠤᠯᠤᠰ ᠰᠢᠷᠣᠢ ᠡᠬᠢ ᠪᠠᠶᠠᠯᠢᠭ ᠲᠠᠷᠬᠠᠭᠠᠭᠰᠠᠨ ﹇2017﹈ 41 ᠳ᠋ᠦ᠋ᠭᠡᠷ ᠲᠣᠭᠠᠲᠤ︶ | 3᠂ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠬᠡᠷᠡᠭᠯᠡᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠡᠮᠵᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠯᠤᠰ ᠤᠨ ᠭᠠᠵᠠᠷ ᠰᠢᠷᠣᠢ ᠶᠢᠨ ᠲᠢᠩᠬᠢᠮ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ | ᠮᠡᠳᠡᠭᠳᠡᠯ︾ ︵ᠥᠪᠥᠷ ᠤᠯᠤᠰ ᠰᠢᠷᠣᠢ ᠡᠬᠢ ᠪᠠᠶᠠᠯᠢᠭ ᠦᠰᠦᠭ ﹇2017﹈ 101 ᠳ᠋ᠦ᠋ᠭᠡᠷ ᠲᠣᠭᠠᠲᠤ︶ | 4᠂ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠡᠮᠵᠢᠬᠦ ᠵᠢᠴᠢ ᠣᠨᠳᠣᠣ ᠭᠠᠵᠠᠷ ᠨᠡᠭᠦᠯᠭᠡᠨ | ᠶᠠᠳᠠᠭᠤ ᠶᠢ ᠲᠡᠳᠬᠦᠬᠦ ᠳᠤ ᠬᠡᠷᠡᠭᠯᠡᠬᠦ ᠭᠠᠵᠠᠷ ᠢ ᠪᠠᠲᠤᠯᠠᠬᠤ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ | ︵ᠥᠪᠥᠷ ᠤᠯᠤᠰ ᠰᠢᠷᠣᠢ ᠡᠬᠢ ᠪᠠᠶᠠᠯᠢᠭ ᠦᠰᠦᠭ ﹇2017﹈ 326 ᠳ᠋ᠤᠭᠠᠷ ᠲᠣᠭᠠᠲᠤ︶ | 5᠂ ︽ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ | ᠬᠤᠯᠪᠣᠭᠳᠠᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ | ᠵᠢᠷᠤᠮᠵᠢᠭᠤᠯᠤᠨ ᠲᠡᠭᠦᠯᠳᠡᠷᠵᠢᠭᠦᠯᠬᠦ ᠲᠤᠬᠠᠢ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ ᠲᠠᠷᠬᠠᠭᠠᠭᠰᠠᠨ ︹ | 2019︺ 519 ᠳ᠋ᠦ᠋ᠭᠡᠷ ᠲᠣᠭᠠᠲᠤ︶ | 6᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠵᠢᠴᠢ ᠬᠠᠮᠢᠶ᠎ᠠ ᠪᠦᠬᠦᠢ | ᠲᠥᠯᠦᠪᠵᠢᠭᠦᠯᠭᠡ | ᠭᠤᠷᠪᠠ᠂ ᠠᠵᠢᠯ ᠤᠨ ᠠᠭᠤᠯᠭ᠎ᠠ | ᠨᠢᠭᠡ ᠳᠤ ᠪᠦᠬᠦ ᠰᠢᠶᠠᠨ ᠤ ᠲᠠᠷᠠᠬᠠᠢ ᠪᠤᠲᠠᠷᠬᠠᠢ ᠪᠠᠶᠢᠭ᠎ᠠ ᠰᠠᠭᠤᠭᠠᠯᠢ ᠠᠷᠠᠳ ᠤᠨ ᠲᠥᠪᠯᠡᠷᠡᠭᠰᠡᠨ ᠭᠠᠵᠠᠷ ᠵᠢᠴᠢ | ᠰᠢᠶᠠᠩ ᠢ ᠬᠠᠰᠤᠵᠤ ᠪᠠᠯᠭᠠᠰᠤ ᠪᠣᠯᠭᠠᠭᠰᠠᠨ ᠤ ᠳᠠᠷᠠᠭᠠᠬᠢ ᠦᠷ᠎ᠡ ᠪᠦᠲᠦᠮᠵᠢ ᠪᠠᠷ ᠳᠣᠣᠷ᠎ᠠ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠣᠷᠣᠨ ᠤ ᠭᠠᠵᠠᠷ ᠰᠢᠷᠣᠢ ᠶᠢᠨ ᠠᠰᠢᠭᠯᠠᠯᠲᠠ ᠶᠢᠨ ᠣᠳᠣᠬᠢ ᠪᠠᠶᠢᠳᠠᠯ᠂ | ᠡᠷᠬᠡ ᠶᠢᠨ ᠬᠠᠷᠢᠶᠠᠯᠠᠯ᠂ ᠵᠡᠷᠭᠡ ᠳᠡᠰ ᠢ ᠪᠠᠶᠢᠴᠠᠭᠠᠨ ᠲᠣᠳᠣᠯᠠᠵᠤ᠂ ᠲᠤᠷᠰᠢᠯᠲᠠ ᠶᠢᠨ ᠭᠠᠵᠠᠷ ᠣᠷᠣᠨ ᠤ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠡᠮᠬᠢᠯᠡᠨ ᠬᠠᠭᠠᠯᠪᠤᠷᠢᠯᠠᠬᠤ ᠳᠠᠯᠳᠠ | ᠬᠦᠴᠦᠨ ᠪᠣᠯᠣᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ | ᠱᠠᠭᠠᠷᠳᠠᠯᠭ᠎ᠠ ᠶᠢ ᠵᠠᠳᠠᠯᠵᠤ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ | ᠨᠥᠬᠦᠴᠡᠯ ᠪᠣᠯᠣᠨ ᠰᠢᠨ᠎ᠡ ᠶᠢ ᠪᠠᠶᠢᠭᠤᠯᠵᠤ ᠬᠠᠭᠤᠴᠢᠨ ᠢ ᠨᠤᠷᠠᠭᠠᠬᠤ ᠬᠦᠰᠡᠯ ᠰᠠᠨᠠᠭ᠎ᠠ ᠶᠢ ᠣᠶᠢᠯᠠᠭᠠᠬᠤ ᠬᠡᠷᠡᠭᠲᠡᠢ᠃ | ᠬᠤᠶᠠᠷ ᠲᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠣᠯᠣᠨ ᠲᠤᠰᠬᠠᠢ | ᠵᠦᠢᠯ ᠤᠨ ᠪᠠᠶᠢᠴᠠᠭᠠᠨ ᠨᠠᠶᠢᠷᠠᠭᠤᠯᠤᠨ ᠵᠣᠬᠢᠶᠠᠬᠤ ᠲᠠᠢ ᠬᠤᠯᠪᠣᠭᠳᠠᠭᠤᠯᠬᠤ ᠲᠤᠷᠰᠢᠯᠲᠠ ᠶᠢᠨ ᠴᠡᠭ ᠤᠨ ᠲᠤᠰᠬᠠᠢ | ᠵᠦᠢᠯ ᠤᠨ ᠲᠥᠯᠦᠪᠵᠢᠭᠦᠯᠭᠡ ᠶᠢ ᠦᠨᠳᠦᠰᠦᠯᠡᠨ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠯᠤᠭ᠎ᠠ | ᠬᠤᠯᠪᠣᠭᠳᠠᠭᠤᠯᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠣᠷᠣᠨ ᠤ ᠬᠡᠪᠴᠢᠶᠡᠨ ᠤ ᠪᠠᠶᠢᠷᠢᠰᠢᠭᠤᠯᠤᠯ ᠢ | ᠦᠨᠳᠦᠰᠦᠯᠡᠨ᠂ ᠬᠤᠲᠠ᠂ ᠲᠣᠰᠬᠤᠨ ᠪᠠᠯᠭᠠᠰᠤ ᠶᠢᠨ ᠲᠥᠯᠦᠪᠵᠢᠭᠦᠯᠭᠡ ᠵᠡᠷᠭᠡ ᠯᠦᠭᠡ ᠶᠢᠨ ᠵᠣᠯᠭᠠᠭᠤᠯᠤᠯᠲᠠ ᠶᠢ | ᠰᠠᠶᠢᠲᠤᠷ ᠬᠢᠬᠦ ᠬᠡᠷᠡᠭᠲᠡᠢ᠃ | ᠭᠤᠷᠪᠠ ᠳᠤ ᠲᠥᠷᠥᠯ ᠵᠦᠢᠯ ᠤᠨ ᠣᠷᠣᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠤᠲᠠ | ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠡᠮᠡᠭᠳᠡᠭᠦᠯᠬᠦ ᠪᠠ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠰᠤᠵᠤ ᠨᠡᠶᠢᠯᠡᠭᠦᠯᠬᠦ ᠬᠡᠪᠴᠢᠶ᠎ᠡ᠂ ᠬᠦᠷᠢᠶ᠎ᠡ ᠪᠣᠯᠣᠨ | ᠪᠠᠶᠢᠷᠢᠰᠢᠭᠤᠯᠤᠯ ᠢ ᠨᠢᠭᠡᠳᠦᠯᠲᠡᠢ ᠲᠥᠯᠥᠪᠯᠡᠨ ᠲᠣᠭᠲᠠᠭᠠᠵᠤ᠂ ᠰᠢᠨ᠎ᠡ ᠲᠣᠭᠤᠷᠢᠭ ᠤᠨ ᠬᠤᠲᠠ ᠪᠠᠯᠭᠠᠰᠤ ᠲᠣᠰᠬᠤᠨ ᠤ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠷᠢᠴᠠᠯ ᠢ ᠵᠦᠢ ᠵᠣᠬᠢᠰᠲᠠᠢ ᠲᠣᠬᠢᠷᠠᠭᠤᠯᠤᠨ᠂ ᠭᠡᠷ | ᠪᠠᠶᠢᠰᠢᠩ ᠢᠶᠠᠨ ᠨᠤᠷᠠᠭᠠᠯᠭᠠᠵᠤ ᠨᠡᠭᠦᠯᠭᠡᠭᠳᠡᠭᠰᠡᠨ ᠲᠠᠷᠢᠶᠠᠴᠢᠳ ᠢ ᠲᠥᠪᠬᠢᠨᠡᠭᠦᠯᠬᠦ ᠪᠠ ᠬᠥᠳᠡᠭᠡ ᠲᠣᠰᠬᠤᠨ ᠤ ᠣᠯᠠᠨ | ᠨᠡᠶᠢᠲᠡ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠡᠩ ᠲᠡᠷᠢᠭᠦᠨ ᠳᠤ | ᠪᠠᠲᠤᠯᠠᠬᠤ ᠶᠢᠨ ᠬᠠᠮᠲᠤ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ | ᠬᠥᠭᠵᠢᠯᠲᠡ ᠳᠤ ᠣᠷᠣᠨ ᠵᠠᠢ ᠦᠯᠡᠳᠡᠭᠡᠵᠦ ᠥᠭᠬᠦ ᠬᠡᠷᠡᠭᠲᠡᠢ᠃ | ᠳᠥᠷᠪᠡ᠂ ᠠᠵᠢᠯ ᠤᠨ ᠬᠡᠷᠡᠭᠵᠢᠭᠦᠯᠬᠦ ᠠᠯᠬᠤᠮ ᠳᠠᠷᠠᠭ᠎ᠠ | (ᠨᠢᠭᠡ) ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ | ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠤᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠤᠰᠠᠳᠠ᠂ | ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠲᠥᠷᠥᠯ ᠵᠦᠢᠯ ᠤᠨ ᠲᠣᠭᠤᠷᠢᠭ ᠢ ᠵᠣᠬᠢᠶᠠᠨ ᠪᠠᠶᠢᠭᠤᠯᠬᠤ᠂ ᠤᠳᠤᠷᠢᠳᠬᠤ ᠪᠠ ᠵᠣᠬᠢᠴᠠᠭᠤᠯᠬᠤ ᠠᠵᠢᠯ ᠢ | ᠪᠣᠳᠠᠲᠠᠢ ᠬᠠᠷᠢᠭᠤᠴᠠᠬᠤ ᠬᠡᠷᠡᠭᠲᠡᠢ᠃ | (ᠬᠤᠶᠠᠷ) ᠡᠮᠦᠨᠡᠬᠢ ᠬᠤᠭᠤᠴᠠᠭᠠᠨ ᠤ ᠪᠡᠯᠡᠳᠬᠡᠯ | 1᠂ ᠪᠡᠯᠡᠳᠬᠡᠬᠦ ᠱᠠᠲᠤ ᠦᠶ᠎ᠡ᠃ ᠤᠳᠤᠷᠢᠳᠬᠤ ᠳᠤᠭᠤᠶᠢᠯᠠᠩ ᠪᠠᠶᠢᠭᠤᠯᠤᠭᠰᠠᠨ ᠰᠠᠭᠤᠷᠢᠨ ᠳᠡᠭᠡᠷ᠎ᠡ᠂ ᠠᠵᠢᠯ ᠤᠨ | ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠲᠥᠰᠥᠯ ᠨᠠᠶᠢᠷᠠᠭᠤᠯᠤᠨ ᠵᠣᠬᠢᠶᠠᠬᠤ ᠵᠢᠴᠢ ᠪᠠᠶᠢᠳᠠᠯ ᠢ ᠣᠶᠢᠯᠠᠭᠠᠬᠤ | ᠪᠠᠶᠢᠴᠠᠭᠠᠯᠲᠠ ᠶᠢᠨ ᠬᠠᠮᠵᠢᠯᠴᠠᠬᠤ ᠨᠢᠭᠡᠴᠢ ᠶᠢ ᠨᠠᠶᠢᠳᠠᠪᠤᠷᠢᠵᠢᠭᠤᠯᠤᠨ᠂ ᠠᠵᠢᠯ ᠤᠨ ᠵᠠᠷᠤᠳᠠᠯ ᠢ ᠨᠠᠶᠢᠳᠠᠪᠤᠷᠢᠵᠢᠭᠤᠯᠵᠤ᠂ | ᠠᠵᠢᠯ ᠤᠨ ᠲᠥᠯᠥᠪᠯᠡᠭᠡ ᠲᠣᠭᠲᠠᠭᠠᠬᠤ ᠬᠡᠷᠡᠭᠲᠡᠢ᠃ | 2᠂ ᠪᠠᠶᠢᠴᠠᠭᠠᠬᠤ ᠱᠠᠲᠤ ᠦᠶ᠎ᠡ᠃ ᠠᠵᠢᠯ ᠤᠨ ᠲᠥᠰᠥᠯ ᠤᠨ ᠱᠠᠭᠠᠷᠳᠠᠯᠭ᠎ᠠ ᠶᠢ ᠦᠨᠳᠦᠰᠦᠯᠡᠨ᠂ ᠭᠤᠷᠪᠠᠳᠠᠭᠢ | ᠡᠲᠡᠭᠡᠳ ᠢ ᠤᠷᠢᠵᠤ ᠬᠡᠷᠡᠭᠰᠡᠬᠦ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠬᠦ ᠪᠠ ᠵᠠᠳᠠᠯᠬᠤ ᠶᠢᠨ ᠬᠠᠮᠲᠤ ᠭᠠᠵᠠᠷ | ᠳᠠᠷᠠᠭᠠᠯᠠᠨ ᠲᠤᠬᠠᠢ ᠶᠢᠨ ᠭᠠᠵᠠᠷ ᠲᠤᠨᠢ ᠬᠠᠶᠢᠨ ᠰᠢᠨᠵᠢᠵᠦ᠂ ᠲᠥᠷᠥᠯ ᠵᠦᠢᠯ ᠤᠨ ᠣᠷᠣᠨ ᠤ ᠪᠠᠶᠢᠭ᠎ᠠ ᠭᠠᠵᠠᠷ ᠤᠨ | ᠪᠠᠶᠢᠭᠠᠯᠢ ᠶᠢᠨ ᠨᠥᠬᠦᠴᠡᠯ᠂ ᠭᠠᠵᠠᠷ ᠰᠢᠷᠣᠢ ᠶᠢᠨ ᠠᠰᠢᠭᠯᠠᠯᠲᠠ ᠶᠢᠨ ᠣᠳᠣᠬᠢ ᠪᠠᠶᠢᠳᠠᠯ᠂ ᠵᠠᠮ ᠬᠠᠷᠢᠯᠴᠠᠭᠠᠨ ᠤ ᠣᠷᠣᠨ | ᠪᠠᠶᠢᠷᠢ ᠵᠡᠷᠭᠡ ᠶᠢ ᠭᠤᠣᠯᠳᠠᠯᠭ᠎ᠠ ᠲᠠᠢ ᠣᠶᠢᠯᠭᠠᠬᠤ ᠬᠡᠷᠡᠭᠲᠡᠢ᠃ | 3᠂ ᠨᠤᠲᠠᠯᠠᠬᠤ ᠱᠠᠲᠤ ᠦᠶ᠎ᠡ᠃ ᠡᠮᠦᠨᠡᠬᠢ ᠬᠤᠭᠤᠴᠠᠭᠠᠨ ᠤ ᠪᠡᠯᠡᠳᠬᠡᠭᠰᠡᠨ ᠬᠠᠮᠢᠶ᠎ᠠ ᠪᠦᠬᠦᠢ ᠮᠠᠲ᠋ᠧᠷᠢᠶᠠᠯ ᠢ | ᠴᠤᠭᠯᠠᠭᠤᠯᠬᠤ ᠪᠠ ᠡᠮᠬᠢᠳᠬᠡᠭᠰᠡᠨ ᠰᠠᠭᠤᠷᠢᠨ ᠳᠡᠭᠡᠷ᠎ᠡ᠂ ᠨᠤᠷᠠᠭᠠᠭᠰᠠᠨ ᠣᠷᠣᠨ ᠤ ᠭᠠᠵᠠᠷ ᠰᠢᠷᠣᠢ ᠶᠢ ᠰᠡᠷᠭᠦᠭᠡᠨ | ᠬᠠᠭᠠᠯᠪᠤᠷᠢᠯᠠᠬᠤ ᠳᠠᠯᠳᠠ ᠬᠦᠴᠦᠨ᠂ ᠰᠢᠨ᠎ᠡ ᠲᠣᠭᠤᠷᠢᠭ ᠪᠠᠶᠢᠭᠤᠯᠬᠤ ᠲᠥᠯᠦᠪᠵᠢᠭᠦᠯᠭᠡ ᠶᠢᠨ ᠨᠥᠬᠦᠴᠡᠯ᠂ ᠪᠡᠯᠡ | ᠮᠥᠩᠭᠦ ᠴᠤᠭᠯᠠᠭᠤᠯᠬᠤ ᠠᠷᠭ᠎ᠠ ᠵᠠᠮ ᠵᠡᠷᠭᠡ ᠳᠤ ᠰᠢᠨᠵᠢᠯᠡᠬᠦ ᠤᠬᠠᠭᠠᠨᠴᠢ ᠵᠠᠳᠠᠯᠤᠯᠲᠠ ᠬᠢᠵᠦ᠂ ᠲᠥᠷᠥᠯ ᠵᠦᠢᠯ ᠤᠨ | ᠪᠣᠳᠠᠲᠠᠢ ᠬᠡᠷᠡᠭᠵᠢᠭᠦᠯᠦᠭᠦᠰᠢᠲᠡᠢ ᠴᠢᠨᠠᠷ ᠢ ᠨᠤᠲᠠᠯᠠᠬᠤ ᠬᠡᠷᠡᠭᠲᠡᠢ᠃ | 4᠂ ᠭᠡᠷᠡᠴᠢᠯᠡᠭᠡ ᠰᠣᠨᠣᠰᠬᠤ ᠱᠠᠲᠤ ᠦᠶ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠥᠷᠥᠯ | ᠵᠦᠢᠯ ᠤᠨ ᠣᠷᠣᠨ ᠳᠤ ᠬᠤᠯᠪᠣᠭᠳᠠᠬᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠲᠣᠰᠬᠤᠨ ᠤ | ᠠᠷᠠᠳ ᠤᠨ ᠵᠥᠪᠯᠡᠯ᠂ ᠲᠣᠰᠬᠤᠨ ᠤ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠭᠡᠷᠡᠴᠢᠯᠡᠭᠡ ᠰᠣᠨᠣᠰᠬᠤ | ᠬᠤᠷᠠᠯ ᠳᠤ ᠣᠷᠣᠯᠴᠠᠭᠤᠯᠵᠤ᠂ ᠲᠥᠷᠥᠯ ᠵᠦᠢᠯ ᠤᠨ ᠲᠥᠯᠦᠪᠵᠢᠭᠦᠯᠭᠡ ᠶᠢᠨ ᠲᠥᠰᠥᠯ᠂ ᠲᠥᠪᠬᠢᠨᠡᠭᠦᠯᠬᠦ ᠲᠥᠰᠥᠯ᠂ | ᠨᠥᠬᠦᠪᠦᠷᠢᠯᠡᠬᠦ ᠲᠥᠰᠥᠯ ᠤᠨ ᠲᠤᠬᠠᠢ ᠡᠯ᠎ᠡ ᠲᠠᠯ᠎ᠠ ᠶᠢᠨ ᠬᠢᠨ ᠤ ᠰᠠᠨᠠᠯ ᠢ ᠰᠣᠨᠣᠰᠴᠤ᠂ ᠨᠡᠮᠡᠵᠦ ᠬᠠᠰᠤᠬᠤ ᠶᠢ | ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠡᠯ᠎ᠡ ᠲᠠᠯ᠎ᠠ ᠶᠢᠨ ᠬᠢᠨ ᠤ ᠵᠥᠪᠰᠢᠶᠡᠷᠡᠯ | ᠪᠠ ᠳᠡᠮᠵᠢᠯᠭᠡ ᠶᠢ ᠣᠯᠬᠤ ᠬᠡᠷᠡᠭᠲᠡᠢ᠃ | (ᠭᠤᠷᠪᠠ) ᠲᠣᠭᠲᠠᠭᠠᠭᠰᠠᠨ ᠵᠦᠢᠯ | ᠦᠴᠦᠸᠠᠨ ᠰᠢᠶᠠᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ | ︵2020 - 2035 ᠣᠨ︶ ᠪᠣᠯᠣᠨ ᠭᠤᠷᠪᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢᠨ ᠬᠥᠮᠥᠷᠭᠡ ᠲᠠᠢ ᠤᠶᠠᠯᠳᠤᠭᠤᠯᠵᠤ᠂ ᠬᠠᠭᠤᠴᠢᠨ ᠢ ᠨᠤᠷᠠᠭᠠᠨ ᠴᠡᠭᠴᠡᠯᠡᠨ ᠵᠠᠰᠠᠬᠤ ᠣᠷᠣᠨ ᠢ | ᠲᠣᠭᠲᠠᠭᠠᠵᠤ᠂ ᠴᠡᠭᠴᠡᠯᠡᠨ ᠵᠠᠰᠠᠬᠤ ᠬᠡᠪᠴᠢᠶ᠎ᠡ ᠪᠣᠯᠣᠨ ᠲᠠᠷᠬᠠᠯᠲᠠ ᠶᠢᠨ ᠪᠠᠶᠢᠳᠠᠯ ᠢ ᠤᠯᠤᠰ ᠤᠨ ᠬᠤᠯᠪᠣᠭᠳᠠᠯ ᠪᠦᠬᠦᠢ | ᠪᠠᠷᠢᠮᠵᠢᠶ᠎ᠠ ᠪᠠᠷ ᠦᠨᠳᠦᠰᠦᠯᠡᠯ ᠪᠣᠯᠭᠠᠵᠤ᠂ ᠲᠥᠪᠬᠢᠨᠡᠭᠦᠯᠬᠦ ᠲᠣᠭᠤᠷᠢᠭ ᠪᠣᠯᠣᠨ ᠰᠢᠨ᠎ᠡ ᠲᠣᠭᠤᠷᠢᠭ ᠢ ᠪᠠᠶᠢᠭᠤᠯᠬᠤ | ᠲᠠᠯᠠᠪᠠᠢ ᠶᠢᠨ ᠬᠡᠪᠴᠢᠶ᠎ᠡ ᠶᠢ ᠲᠣᠭᠲᠠᠭᠠᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠡᠮᠬᠢᠯᠡᠬᠦ ᠶᠡᠷᠦᠩᠬᠡᠢ ᠲᠣᠬᠢᠷᠠᠭᠤᠯᠤᠯᠲᠠ ᠪᠣᠯᠣᠨ ᠪᠣᠳᠠᠲᠠᠢ ᠬᠡᠷᠡᠭᠵᠢᠭᠦᠯᠬᠦ ᠴᠠᠭ ᠤᠨ ᠲᠡᠰ ᠳᠠᠷᠠᠭᠠᠯᠠᠯ ᠢ | ᠲᠣᠭᠲᠠᠭᠠᠵᠤ᠂ ᠲᠦᠷᠦᠯ ᠵᠦᠢᠯ ᠤᠨ ᠣᠷᠣᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠡᠮᠬᠢᠯᠡᠬᠦ ᠪᠡᠯᠡ ᠮᠥᠩᠭᠦ ᠶᠢ ᠵᠢᠱᠢᠨ ᠪᠤᠳᠤᠵᠤ᠂ ᠵᠠᠷᠤᠳᠠᠯ ᠴᠤᠭᠯᠠᠭᠤᠯᠬᠤ ᠠᠷᠭ᠎ᠠ ᠵᠠᠮ᠂ ᠪᠠᠲᠤᠯᠠᠬᠤ ᠠᠷᠭ᠎ᠠ | ᠬᠡᠮᠵᠢᠶ᠎ᠡ᠂ ᠱᠠᠩᠨᠠᠵᠤ ᠲᠣᠷᠭᠠᠬᠤ ᠠᠷᠭ᠎ᠠ ᠶᠢ ᠳᠤᠷᠠᠳᠪᠠ᠃ | (ᠳᠥᠷᠪᠡ) ᠲᠥᠰᠥᠯ ᠢ ᠨᠠᠶᠢᠷᠠᠭᠤᠯᠤᠨ ᠵᠣᠬᠢᠶᠠᠬᠤ | ᠲᠥᠷᠥᠯ ᠵᠦᠢᠯ ᠤᠨ ᠵᠠᠳᠠᠯᠤᠯᠲᠠ ᠶᠢᠨ ᠦᠷ᠎ᠡ ᠳ᠋ᠦᠩ ᠪᠣᠯᠣᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ | ᠲᠥᠰᠥᠯ ᠢ ᠦᠨᠳᠦᠰᠦᠯᠡᠨ᠂ ᠨᠠᠶᠢᠷᠠᠭᠤᠯᠤᠨ ᠵᠣᠬᠢᠶᠠᠬᠤ ᠨᠢᠭᠡᠴᠢ ᠲᠠᠢ ᠵᠣᠬᠢᠶᠠᠨ ᠪᠠᠶᠢᠭᠤᠯᠤᠨ ᠬᠠᠮᠵᠢᠯᠴᠠᠵᠤ ᠪᠠᠶᠢᠭᠠᠳ | ᠲᠤᠰᠬᠠᠢ ᠵᠦᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ | ᠲᠥᠷᠥᠯ ᠵᠦᠢᠯ ᠤᠨ ᠣᠷᠣᠨ ᠤ ᠬᠡᠷᠡᠭᠵᠢᠭᠦᠯᠬᠦ ᠲᠥᠰᠥᠯ ᠪᠣᠯᠣᠨ ᠬᠠᠭᠤᠴᠢᠨ ᠲᠣᠭᠤᠷᠢᠭ ᠢ ᠨᠤᠷᠠᠭᠠᠵᠤ ᠰᠡᠷᠭᠦᠭᠡᠨ | ᠬᠠᠭᠠᠯᠪᠤᠷᠢᠯᠠᠬᠤ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠵᠢᠴᠢ ᠬᠠᠮᠢᠶ᠎ᠠ ᠪᠦᠬᠦᠢ ᠵᠢᠷᠤᠭ ᠢ ᠨᠠᠶᠢᠷᠠᠭᠤᠯᠤᠨ | ᠵᠣᠬᠢᠶᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ | (ᠲᠠᠪᠤ) ᠲᠦᠷᠦᠯ ᠵᠦᠢᠯ ᠭᠤᠶᠤᠴᠢᠯᠠᠨ ᠮᠡᠳᠡᠭᠦᠯᠬᠦ | ᠰᠢᠶᠠᠨ ᠤ ᠵᠠᠰᠠᠭ ᠤᠨ ᠣᠷᠳᠣᠨ ᠨᠠᠶᠢᠷᠠᠭᠤᠯᠤᠨ ᠵᠣᠬᠢᠶᠠᠵᠤ ᠳᠠᠭᠤᠰᠤᠭᠰᠠᠨ ᠲᠤᠰᠬᠠᠢ ᠲᠥᠯᠦᠪᠵᠢᠭᠦᠯᠭᠡ᠂ | ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠬᠡᠷᠡᠭᠵᠢᠭᠦᠯᠬᠦ ᠲᠥᠰᠥᠯ ᠵᠢᠴᠢ ᠲᠥᠷᠥᠯ ᠵᠦᠢᠯ ᠤᠨ ᠣᠷᠣᠨ ᠤ ᠨᠤᠷᠠᠭᠠᠨ | ᠬᠠᠭᠠᠯᠪᠤᠷᠢᠯᠠᠬᠤ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠶᠢ ᠦᠨᠳᠦᠰᠦᠯᠡᠨ᠂ ᠱᠠᠲᠤ ᠳᠠᠷᠠᠭᠠᠯᠠᠨ ᠳᠡᠭᠡᠭᠰᠢ | ᠮᠡᠳᠡᠭᠦᠯᠵᠦ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠭᠦᠯᠵᠦ | ᠬᠢᠨᠠᠨ ᠵᠥᠪᠰᠢᠶᠡᠷᠡᠭᠦᠯᠦᠨ᠎ᠡ᠃ | ᠲᠠᠪᠤ᠂ ᠠᠵᠢᠯ ᠤᠨ ᠱᠠᠭᠠᠷᠳᠠᠯᠭ᠎ᠠ | (ᠨᠢᠭᠡ) ᠴᠠᠭ ᠲᠠᠭᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ | ᠪᠦᠬᠦ ᠰᠢᠶᠠᠨ ᠤ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠦᠨᠳᠦᠰᠦᠯᠡᠨ᠂ ᠡᠯ᠎ᠡ ᠪᠦᠷᠢᠯᠳᠦᠭᠦᠨ ᠨᠢᠭᠡᠴᠢ ᠨᠦᠭᠦᠳ ᠨᠡᠪᠲᠡᠷᠡᠯᠴᠡᠭᠡ ᠪᠠᠨ ᠴᠢᠩᠭᠠᠳᠬᠠᠵᠤ᠂ | ᠵᠣᠬᠢᠴᠠᠭᠤᠯᠤᠨ ᠬᠠᠮᠵᠢᠯᠴᠠᠵᠤ᠂ ᠠᠵᠢᠯ ᠢᠶᠠᠨ ᠢᠳᠡᠪᠬᠢᠲᠡᠢ ᠥᠷᠨᠢᠭᠦᠯᠬᠦ ᠬᠡᠷᠡᠭᠲᠡᠢ᠃ ᠨᠠᠷᠢᠨ ᠨᠢᠭᠲᠠ ᠨᠠᠷᠢᠨ | ᠲᠣᠳᠣᠷᠬᠠᠢ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠢ ᠴᠠᠭ ᠲᠤᠬᠠᠢ ᠳᠤᠨᠢ ᠲᠣᠭᠲᠠᠭᠠᠵᠤ᠂ ᠨᠥᠬᠦᠪᠦᠷᠢ ᠥᠭᠬᠦ᠂ | ᠲᠥᠪᠬᠢᠨᠡᠭᠦᠯᠬᠦ᠂ ᠰᠡᠷᠭᠦᠭᠡᠨ ᠬᠠᠭᠠᠯᠪᠤᠷᠢᠯᠠᠬᠤ ᠵᠢᠴᠢ ᠰᠡᠷᠭᠦᠭᠡᠨ ᠬᠠᠭᠠᠯᠪᠤᠷᠢᠯᠠᠭᠰᠠᠨ ᠤ ᠳᠠᠷᠠᠭᠠᠬᠢ ᠭᠠᠵᠠᠷ ᠰᠢᠷᠣᠢ ᠶᠢᠨ | ᠡᠷᠬᠡ ᠶᠢᠨ ᠬᠠᠷᠢᠶ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠲᠥᠷᠥᠯ ᠵᠦᠢᠯ ᠢ ᠴᠠᠭ | ᠲᠤᠬᠠᠢ ᠳᠤᠨᠢ᠂ ᠶᠠᠰᠤ ᠴᠢᠨᠠᠷᠲᠠᠢ᠂ ᠲᠤᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | (ᠬᠤᠶᠠᠷ) ᠰᠡᠷᠭᠦᠭᠡᠨ ᠬᠠᠭᠠᠯᠪᠤᠷᠢᠯᠠᠬᠤ ᠶᠠᠰᠤ ᠴᠢᠨᠠᠷ ᠢ ᠪᠠᠲᠤᠯᠠᠨ᠎ᠠ | ᠬᠠᠭᠤᠴᠢᠨ ᠢ ᠨᠤᠷᠠᠭᠠᠬᠤ ᠣᠷᠣᠨ ᠤ ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠬᠤ ᠳᠤ ᠡᠷᠬᠡᠪᠰᠢ ᠵᠢᠷᠤᠭ | ᠲᠥᠯᠥᠪᠯᠡᠭᠡ ᠶᠢᠨ ᠲᠥᠰᠥᠯ ᠤᠨ ᠱᠠᠭᠠᠷᠳᠠᠯᠭ᠎ᠠ ᠶᠣᠰᠣᠭᠠᠷ ᠴᠢᠩᠭ᠎ᠠ ᠬᠢᠵᠦ᠂ ᠬᠠᠭᠤᠴᠢᠨ ᠢ ᠨᠤᠷᠠᠭᠠᠵᠤ ᠰᠡᠷᠭᠦᠭᠡᠨ | ᠬᠠᠭᠠᠯᠪᠤᠷᠢᠯᠠᠭᠰᠠᠨ ᠭᠠᠵᠠᠷ ᠤᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠭᠰᠠᠨ ᠭᠠᠵᠠᠷ ᠤᠨ ᠡᠵᠡᠯᠡᠨ ᠬᠡᠷᠡᠭᠯᠡᠭᠰᠡᠨ | ᠲᠠᠷᠢᠶᠠᠨ ᠭᠠᠵᠠᠷ ᠲᠠᠢ ᠬᠠᠷᠢᠴᠠᠭᠤᠯᠪᠠᠯ᠂ ᠲᠤᠭ᠎ᠠ ᠬᠡᠮᠵᠢᠶ᠎ᠡ ᠨᠢ ᠬᠠᠰᠤᠭᠳᠠᠬᠤ ᠦᠭᠡᠢ᠂ ᠶᠠᠰᠤ ᠴᠢᠨᠠᠷ ᠨᠢ ᠪᠠᠭᠤᠷᠠᠬᠤ | ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | (ᠭᠤᠷᠪᠠ) ᠰᠢᠯᠭᠠᠨ ᠬᠤᠷᠢᠶᠠᠬᠤ ᠪᠠᠷᠢᠮᠵᠢᠶ᠎ᠠ ᠳᠤ ᠬᠦᠷᠬᠦ ᠶᠢ ᠪᠠᠲᠤᠯᠠᠨ᠎ᠠ | ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠤᠨ ᠲᠣᠭᠤᠷᠢᠭ ᠨᠢ ᠬᠠᠭᠤᠴᠢᠨ ᠢ ᠨᠤᠷᠠᠭᠠᠬᠤ | ᠪᠤᠶᠤ ᠰᠢᠨ᠎ᠡ ᠪᠠᠷ ᠪᠠᠶᠢᠭᠤᠯᠬᠤ ᠣᠷᠣᠨ ᠭᠡᠰᠡᠨ ᠦᠭᠡᠢ᠂ ᠡᠷᠬᠡᠪᠰᠢ ᠲᠥᠯᠦᠪᠵᠢᠭᠦᠯᠭᠡ ᠶᠣᠰᠣᠭᠠᠷ ᠣᠷᠣᠨ ᠪᠠᠶᠢᠷᠢ | ᠲᠣᠭᠲᠠᠭᠠᠨ ᠬᠡᠷᠡᠭᠵᠢᠭᠦᠯᠵᠦ᠂ ᠰᠡᠷᠭᠦᠭᠡᠨ ᠬᠠᠭᠠᠯᠪᠤᠷᠢᠯᠠᠭᠰᠠᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠ ᠶᠠᠰᠤ | ᠴᠢᠨᠠᠷ ᠢ ᠰᠢᠯᠭᠠᠨ ᠠᠪᠬᠤ ᠶᠢ ᠪᠠᠲᠤᠯᠠᠬᠤ ᠬᠡᠷᠡᠭᠲᠡᠢ ᠮᠥᠷᠲᠡᠭᠡᠨ ᠪᠠᠰᠠ ᠲᠥᠷᠥᠯ ᠵᠦᠢᠯ ᠤᠨ ᠬᠡᠷᠡᠭᠵᠢᠭᠦᠯᠬᠦ ᠣᠷᠣᠨ | ᠪᠠᠶᠢᠷᠢ ᠶᠢ ᠬᠤᠪᠢᠷᠠᠭᠤᠯᠬᠤ ᠦᠭᠡᠢ᠂ ᠬᠡᠪᠴᠢᠶ᠎ᠡ ᠶᠢ ᠰᠢᠪᠲᠤᠯᠬᠤ ᠬᠡᠷᠡᠭᠲᠡᠢ᠃ | (ᠳᠥᠷᠪᠡ) ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠨ᠎ᠡ | ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠢ ᠥᠷᠨᠢᠭᠦᠯᠬᠦ ᠪᠣᠯ ᠣᠳᠣᠬᠠᠨ ᠤ ᠠᠵᠤ ᠠᠬᠤᠢ ᠶᠢᠨ | ᠬᠥᠭᠵᠢᠯᠲᠡ ᠳᠤᠮᠳᠠᠬᠢ ᠭᠠᠵᠠᠷ ᠰᠢᠷᠣᠢ ᠶᠢᠨ ᠪᠣᠭᠤᠮᠢ ᠶᠢᠨ ᠠᠰᠠᠭᠤᠳᠠᠯ ᠢ ᠰᠢᠢᠳᠪᠦᠷᠢᠯᠡᠬᠦ ᠨᠢᠭᠡ ᠵᠦᠢᠯ ᠤᠨ ᠴᠢᠬᠤᠯᠠ | ᠶᠡᠭᠡ ᠠᠷᠭ᠎ᠠ ᠬᠡᠮᠵᠢᠶ᠎ᠡ ᠮᠥᠨ᠃ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠢ ᠬᠡᠷᠡᠭᠵᠢᠭᠦᠯᠬᠦ ᠰᠢᠶᠠᠩ | ᠪᠠᠯᠭᠠᠰᠤ ᠲᠦᠷᠦᠯ ᠵᠦᠢᠯ ᠢ ᠬᠡᠷᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠩᠭ᠎ᠠ ᠬᠦᠴᠦᠲᠡᠢ | ᠤᠳᠤᠷᠢᠳᠬᠤ ᠪᠠᠭ ᠢ ᠰᠣᠩᠭᠤᠨ ᠲᠣᠮᠢᠯᠠᠵᠤ ᠪᠣᠳᠠᠲᠠᠢ ᠨᠠᠶᠢᠳᠠᠪᠤᠷᠢᠵᠢᠭᠤᠯᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ | ᠪᠣᠳᠠᠲᠠᠢ ᠶᠠᠪᠤᠳᠠᠯ ᠢ ᠪᠣᠳᠠᠲᠠᠢ ᠬᠢᠵᠦ᠂ ᠲᠦᠷᠦᠯ ᠵᠦᠢᠯ ᠢ ᠰᠢᠯᠭᠠᠨ ᠬᠤᠷᠢᠶᠠᠬᠤ ᠳᠤ ᠬᠢᠷᠢ ᠲᠡᠩᠴᠡᠭᠦᠯᠵᠦ᠂ ᠤᠯᠠᠨ | ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠬᠡᠷᠡᠭᠲᠡᠢ᠃ | (ᠲᠠᠪᠤ) ᠵᠠᠷᠤᠳᠠᠯ ᠤᠨ ᠪᠠᠲᠤᠯᠠᠭ᠎ᠠ | ᠠᠵᠢᠯ ᠤᠨ ᠤᠷᠤᠭᠰᠢᠲᠠᠢ ᠥᠷᠨᠢᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠣᠷᠣᠨ ᠨᠤᠲᠤᠭ ᠤᠨ ᠡᠳ᠋ ᠤᠨ | ᠵᠠᠰᠠᠭ ᠠᠴᠠ ᠣᠨ ᠤ ᠲᠥᠰᠥᠪ ᠤᠨ ᠵᠣᠭᠤᠰ ᠥᠭᠬᠦ ᠳᠤ ᠣᠷᠣᠭᠤᠯᠬᠤ ᠬᠡᠷᠡᠭᠲᠡᠢ᠃ | | |