ᠦᠰᠦᠭ ᠪᠢᠴᠢᠭ ᠤᠨ ᠲᠠᠶᠢᠯᠤᠮᠵᠢ᠄ ︽ᠦᠴᠦᠸᠠᠨ ᠰᠢᠶᠠᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠤᠨ ᠠᠵᠢᠯ ᠤᠨ ᠲᠥᠰᠥᠯ︾
ᠨᠡᠶᠢᠲᠡᠯᠡᠭᠰᠡᠨ ᠴᠠᠭ᠄
2024/5/10
   ᠨᠢᠭᠡ᠂ ᠲᠣᠭᠲᠠᠭᠠᠭᠰᠠᠨ ᠠᠬᠤᠢ ᠪᠠᠶᠢᠳᠠᠯ    ᠲᠠᠷᠢᠶᠠᠨ ᠭᠠᠵᠠᠷ ᠢ ᠤᠯᠠᠮ ᠨᠢᠭᠡ ᠠᠯᠬᠤᠮ ᠴᠢᠩᠭ᠎ᠠ ᠬᠠᠮᠠᠭᠠᠯᠠᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠠᠮᠢᠳᠤᠯᠢᠭᠵᠢᠭᠤᠯᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠵᠤ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠪᠠ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ ᠲᠠᠷᠬᠠᠭᠠᠭᠰᠠᠨ ﹇2022﹈ 354 ᠳ᠋ᠦ᠋ᠭᠡᠷ ᠲᠣᠭᠠᠲᠤ︶ ᠵᠢᠴᠢ ︽ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠢ ᠬᠡᠷᠡᠭᠵᠢᠭᠦᠯᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠪᠠ ᠲᠡᠭᠦᠯᠳᠡᠷᠵᠢᠭᠦᠯᠬᠦ ᠲᠤᠬᠠᠢ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ ᠲᠠᠷᠬᠠᠭᠠᠭᠰᠠᠨ ﹇2019﹈ 519 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠢᠶᠠᠨ ᠤ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠵᠢᠯ ᠤᠨ ᠲᠥᠰᠥᠯ ᠢ ᠲᠣᠭᠲᠠᠭᠠᠪᠠ᠃    ᠬᠤᠶᠠᠷ᠂ ᠵᠠᠷᠴᠢᠮ ᠪᠠ ᠦᠨᠳᠦᠰᠦᠯᠡᠯ    (ᠨᠢᠭᠡ) ᠦᠨᠳᠦᠰᠦᠨ ᠵᠠᠷᠴᠢᠮ    1᠂ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠬᠠᠮᠲᠤᠪᠠᠷ ᠲᠦᠯᠬᠢᠨ ᠠᠬᠢᠭᠤᠯᠤᠨ᠎ᠠ᠃ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠢ ︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠪᠴᠠᠩ ᠪᠠᠶᠢᠭᠤᠯᠬᠤ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ᠂ ᠣᠯᠠᠨ ᠲᠦᠮᠡᠨ ᠣᠷᠣᠯᠴᠠᠬᠤ︾ ᠠᠷᠭ᠎ᠠ ᠮᠠᠶ᠋ᠢᠭ ᠢᠶᠠᠷ ᠠᠬᠢᠭᠤᠯᠤᠨ ᠬᠡᠷᠡᠭᠵᠢᠭᠦᠯᠵᠦ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠲᠦᠷᠦᠭᠦᠯᠡᠨ ᠵᠣᠬᠢᠶᠠᠨ ᠪᠠᠶᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠲᠥᠷᠥᠯ ᠵᠦᠢᠯ ᠢ ᠬᠡᠷᠡᠭᠵᠢᠭᠦᠯᠬᠦ ᠪᠠᠷ ᠭᠤᠣᠯ ᠪᠣᠯᠭᠠᠨ᠂ ᠠᠵᠢᠯ ᠢᠶᠠᠨ ᠬᠠᠮᠲᠤ ᠪᠠᠷ ᠠᠬᠢᠭᠤᠯᠤᠨ᠎ᠠ᠃    2᠂ ᠨᠢᠭᠡᠳᠦᠯᠲᠡᠢ ᠲᠥᠯᠥᠪᠵᠢᠭᠦᠯᠵᠦ᠂ ᠨᠡᠮᠡᠵᠦ ᠬᠠᠰᠤᠬᠤ ᠶᠢ ᠲᠡᠩᠴᠡᠭᠦᠷᠢᠲᠡᠢ ᠪᠠᠶᠢᠯᠭᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ᠂ ᠲᠥᠷᠥᠯ ᠵᠦᠢᠯ ᠤᠨ ᠲᠣᠭᠤᠷᠢᠭ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢᠨ ᠬᠠᠮᠲᠤ ᠵᠦᠢ ᠵᠣᠬᠢᠰᠲᠠᠢ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠰᠢᠨ᠎ᠡ ᠲᠣᠭᠤᠷᠢᠭ ᠢ ᠪᠠᠶᠢᠭᠤᠯᠬᠤ ᠪᠠ ᠬᠠᠭᠤᠴᠢᠨ ᠲᠣᠭᠤᠷᠢᠭ ᠢ ᠨᠤᠷᠠᠭᠠᠬᠤ ᠶᠢ ᠵᠦᠢ ᠵᠣᠬᠢᠰᠲᠠᠢ ᠪᠠᠶᠢᠷᠢᠯᠠᠭᠤᠯᠤᠨ᠂ ᠰᠢᠨ᠎ᠡ ᠪᠠᠷ ᠪᠠᠶᠢᠭᠤᠯᠵᠤ ᠬᠠᠭᠤᠴᠢᠨ ᠢ ᠨᠤᠷᠠᠭᠠᠬᠤ ᠬᠡᠪᠴᠢᠶ᠎ᠡ ᠶᠢ ᠵᠣᠬᠢᠰᠲᠠᠢ ᠬᠢᠵᠠᠭᠠᠷᠯᠠᠵᠤ᠂ ᠬᠤᠲᠠ ᠬᠥᠳᠡᠭᠡ ᠶᠢᠨ ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠪᠠ ᠪᠦᠲᠦᠴᠡ ᠶᠢᠨ ᠲᠣᠬᠢᠷᠠᠭᠤᠯᠤᠯᠲᠠ ᠶᠢ ᠬᠥᠲᠥᠯᠥᠨ ᠵᠢᠯᠤᠭᠤᠳᠴᠤ᠂ ᠲᠥᠷᠥᠯ ᠵᠦᠢᠯ ᠤᠨ ᠲᠣᠭᠤᠷᠢᠭ ᠢ ᠬᠡᠷᠡᠭᠵᠢᠭᠦᠯᠦᠭᠰᠡᠨ ᠤ ᠳᠠᠷᠠᠭ᠎ᠠ᠂ ᠲᠠᠷᠢᠶᠠᠨ ᠭᠠᠵᠠᠷ ᠤᠨ ᠪᠦᠲᠦᠮᠵᠢᠲᠡᠶ ᠲᠠᠯᠠᠪᠠᠶ ᠶᠢ ᠨᠡᠮᠡᠭᠳᠡᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶ᠎ᠡ ᠶᠢ ᠤᠤᠯ ᠤᠨ ᠬᠡᠪᠴᠢᠶ᠎ᠡ ᠠᠴᠠ ᠳᠠᠪᠠᠭᠤᠯᠬᠤ ᠦᠭᠡᠢ ᠪᠠᠶᠢᠵᠤ᠂ ᠬᠥᠳᠡᠯᠦᠩᠭᠦᠢ ᠪᠠᠷ ᠲᠡᠩᠴᠡᠭᠦᠷᠢᠰᠢᠭᠦᠯᠬᠦ ᠳᠤ ᠬᠦᠷᠦᠭᠦᠯᠦᠨ᠎ᠡ᠃    3᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠭᠦᠯᠦᠨ᠎ᠡ᠃ ᠦᠨᠡᠨ ᠠᠴᠠ ᠵᠥᠪ ᠢ ᠡᠷᠢᠬᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠨ᠂ ᠲᠠᠷᠢᠶᠠᠨ ᠭᠠᠵᠠᠷ ᠢ ᠬᠠᠮᠠᠭᠠᠯᠠᠬᠤ ᠳᠦᠷᠢᠮ᠂ ᠭᠠᠵᠠᠷ ᠢ ᠠᠷᠪᠢᠯᠠᠨ ᠬᠡᠷᠡᠭᠯᠡᠬᠦ ᠳᠦᠷᠢᠮ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢ ᠬᠤᠲᠠ ᠪᠠᠯᠭᠠᠰᠤᠨ ᠤ ᠬᠥᠭᠵᠢᠯᠲᠡ ᠯᠦᠭᠡ ᠬᠠᠷᠢᠯᠴᠠᠨ ᠤᠶᠠᠯᠳᠤᠭᠤᠯᠵᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠨᠠᠮᠳᠠᠭᠤᠯᠬᠤ ᠶᠢᠨ ᠬᠠᠮᠲᠤ ᠬᠥᠳᠡᠭᠡ ᠲᠣᠰᠬᠤᠨ ᠤ ᠳᠦᠷᠰᠦ ᠪᠠᠶᠢᠳᠠᠯ ᠪᠣᠯᠣᠨ ᠠᠮᠢ ᠠᠬᠤᠢ ᠣᠷᠴᠢᠨ ᠲᠣᠭᠤᠷᠢᠨ ᠢ ᠬᠤᠪᠢᠷᠠᠭᠤᠯᠵᠤ᠂ ᠨᠡᠮᠡᠵᠦ ᠬᠠᠰᠤᠬᠤ ᠪᠠᠷ ᠳᠠᠮᠵᠢᠭᠤᠯᠤᠨ ᠲᠠᠷᠢᠶᠠᠯᠠᠩ ᠳᠤ ᠬᠡᠷᠡᠭᠯᠡᠬᠦ ᠭᠠᠵᠠᠷ ᠢᠯᠠᠩᠭᠤᠶ᠎ᠠ ᠲᠠᠷᠢᠶᠠᠨ ᠭᠠᠵᠠᠷ ᠤᠨ ᠡᠬᠢ ᠪᠠᠶᠠᠯᠢᠭ ᠢ ᠲᠥᠪᠯᠡᠷᠡᠭᠦᠯᠦᠨ ᠵᠠᠯᠭᠠᠯᠳᠤᠭᠤᠯᠬᠤ ᠶᠢ ᠪᠡᠶᠡᠯᠡᠭᠦᠯᠵᠦ᠂ ᠡᠷᠴᠢᠮᠵᠢᠭᠦᠯᠬᠦ᠂ ᠬᠡᠪᠴᠢᠶᠡᠵᠢᠭᠦᠯᠦᠨ ᠠᠰᠢᠭᠯᠠᠬᠤ ᠶᠢ ᠪᠡᠶᠡᠯᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠮᠠᠶ᠋ᠢᠭ ᠪᠣᠯᠣᠨ ᠠᠮᠢᠳᠤᠷᠠᠯ ᠤᠨ ᠠᠷᠭ᠎ᠠ ᠮᠠᠶ᠋ᠢᠭ ᠲᠡᠰᠢ ᠠᠯᠬᠤᠮ ᠠᠯᠬᠤᠮ ᠢᠶᠠᠷ ᠬᠤᠪᠢᠷᠠᠭᠤᠯᠬᠤ ᠶᠢ ᠪᠡᠶᠡᠯᠡᠭᠦᠯᠦᠨ᠎ᠡ᠃    4᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠠᠯᠬᠤᠮ ᠳᠠᠷᠠᠭ᠎ᠠ ᠲᠠᠢ ᠤᠷᠤᠭᠰᠢᠯᠠᠨ᠎ᠠ᠃ ᠡᠯ᠎ᠡ ᠭᠠᠵᠠᠷ ᠤᠨ ᠪᠠᠶᠢᠭᠠᠯᠢ ᠶᠢᠨ ᠨᠥᠬᠦᠴᠡᠯ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠭᠠᠵᠠᠷ ᠰᠢᠷᠣᠢ ᠶᠢᠨ ᠠᠰᠢᠭᠯᠠᠯᠲᠠ ᠪᠠ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠠᠶᠢᠳᠠᠯ ᠢ ᠦᠨᠳᠦᠰᠦᠯᠡᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠤᠷᠢᠳᠠᠪᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠢ ᠶᠢ ᠨᠢ ᠨᠤᠷᠠᠭᠠᠭᠠᠳ᠂ ᠲᠡᠭᠰᠢᠯᠡᠨ ᠪᠠᠶᠢᠭᠤᠯᠵᠤ᠂ ᠭᠤᠣᠯᠳᠠᠯᠭ᠎ᠠ ᠪᠠᠨ ᠲᠣᠪᠤᠶᠢᠯᠭᠠᠨ᠂ ᠠᠯᠬᠤᠮ ᠬᠤᠪᠢᠶᠠᠨ ᠬᠡᠷᠡᠭᠵᠢᠭᠦᠯᠵᠦ᠂ ᠠᠯᠬᠤᠮ ᠠᠯᠬᠤᠮ ᠢᠶᠠᠷ ᠲᠦᠯᠬᠢᠨ ᠠᠬᠢᠭᠤᠯᠤᠨ᠎ᠠ᠃ ᠵᠠᠰᠠᠭ ᠤᠨ ᠣᠷᠳᠣᠨ ᠤ ᠤᠳᠤᠷᠢᠳᠤᠯᠭ᠎ᠠ ᠴᠢᠬᠤᠯᠠᠴᠢᠯᠠᠭᠰᠠᠨ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠢᠳᠡᠪᠬᠢᠵᠢᠯ ᠥᠨᠳᠥᠷ᠂ ᠪᠡᠯᠡ ᠮᠥᠩᠭᠦ ᠪᠠᠲᠤᠯᠠᠭ᠎ᠠ ᠲᠠᠢ ᠲᠥᠷᠥᠯ ᠵᠦᠢᠯ ᠤᠨ ᠣᠷᠣᠨ ᠢ ᠰᠣᠩᠭᠤᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠡᠮᠬᠢᠯᠡᠬᠦ ︵ᠬᠠᠭᠤᠴᠢᠨ ᠢ ᠨᠤᠷᠠᠭᠠᠬᠤ︶ ᠳᠠᠯᠳᠠ ᠬᠦᠴᠦᠨ ᠲᠠᠢ ᠰᠢᠶᠠᠩ ᠪᠠᠯᠭᠠᠰᠤ ᠤᠷᠢᠳᠠᠪᠠᠷ ᠠᠵᠢᠯ ᠢᠶᠠᠨ ᠥᠷᠨᠢᠭᠦᠯᠦᠨ᠎ᠡ᠃    5᠂ ᠠᠷᠠᠳ ᠤᠨ ᠰᠠᠨᠠᠭ᠎ᠠ ᠶᠢ ᠬᠦᠨᠳᠦᠳᠬᠡᠵᠦ᠂ ᠡᠷᠬᠡ ᠠᠰᠢᠭ ᠢ ᠪᠠᠲᠤᠯᠠᠨ᠎ᠠ᠃ ᠲᠥᠷᠥᠯ ᠵᠦᠢᠯ ᠤᠨ ᠣᠷᠣᠨ ᠤ ᠠᠵᠢᠯ ᠤᠨ ᠲᠥᠰᠥᠯ ᠪᠣᠯᠣᠨ ᠬᠡᠷᠡᠭᠵᠢᠭᠦᠯᠦᠯᠲᠡ ᠨᠢ ᠡᠷᠬᠡᠪᠰᠢ ᠲᠣᠭᠲᠠᠭᠠᠯ ᠶᠣᠰᠣᠭᠠᠷ ᠳᠡᠰ ᠳᠠᠷᠠᠭᠠᠯᠠᠯ ᠤᠨ ᠶᠣᠰᠣᠭᠠᠷ ᠮᠡᠳᠡᠭᠦᠯᠦᠨ ᠵᠥᠪᠰᠢᠶᠡᠷᠡᠭᠦᠯᠵᠦ᠂ ᠲᠥᠷᠥᠯ ᠵᠦᠢᠯ ᠤᠨ ᠣᠷᠣᠨ ᠤ ᠭᠠᠵᠠᠷ ᠰᠣᠩᠭᠤᠬᠤ ᠪᠠᠶᠢᠷᠢᠰᠢᠭᠤᠯᠤᠯ ᠳᠤ ᠨᠤᠲᠠᠯᠠᠯᠲᠠ ᠬᠢᠬᠦ᠂ ᠰᠠᠨᠠᠯ ᠰᠣᠨᠣᠰᠬᠤ ᠶᠢ ᠬᠡᠷᠡᠭᠵᠢᠭᠦᠯᠵᠦ᠂ ᠲᠤᠬᠠᠢ ᠶᠢᠨ ᠭᠠᠵᠠᠷ ᠤᠨ ᠲᠠᠷᠢᠶᠠᠴᠢᠳ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠢ ᠭᠦᠢᠴᠡᠳ ᠰᠢᠩᠭᠡᠬᠡᠨ ᠠᠪᠴᠤ᠂ ᠲᠥᠷᠥᠯ ᠵᠦᠢᠯ ᠤᠨ ᠣᠷᠣᠨ ᠢ ᠬᠡᠷᠡᠭᠵᠢᠭᠦᠯᠬᠦ ᠶᠠᠪᠤᠴᠠ ᠳᠤ᠂ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠣᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠣᠬᠢᠷᠠᠭᠤᠯᠬᠤ᠂ ᠬᠠᠷᠢᠯᠴᠠᠨ ᠰᠣᠯᠢᠬᠤ᠂ ᠬᠠᠮᠲᠤ ᠶᠢᠨ ᠭᠠᠵᠠᠷ ᠰᠢᠷᠣᠢ ᠲᠠᠲᠠᠪᠤᠷᠢᠯᠠᠬᠤ ᠵᠢᠴᠢ ᠲᠠᠷᠢᠶᠠᠴᠢᠳ ᠲᠤ ᠨᠥᠬᠦᠪᠦᠷᠢ ᠥᠭᠴᠦ ᠲᠥᠪᠬᠢᠨᠡᠭᠦᠯᠬᠦ ᠳᠤ ᠬᠤᠯᠪᠣᠭᠳᠠᠪᠠᠯ᠂ ᠤᠷᠢᠳᠠᠪᠠᠷ ᠢᠯᠡ ᠨᠡᠶᠢᠲᠡᠯᠡᠵᠦ᠂ ᠲᠠᠷᠢᠶᠠᠴᠢᠳ ᠤᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠨᠡᠶᠢᠭᠡᠮ ᠤᠨ ᠲᠣᠭᠲᠠᠭᠤᠨ ᠢ ᠪᠠᠲᠤᠯᠠᠨ᠎ᠠ᠃    (ᠬᠤᠶᠠᠷ) ᠠᠵᠢᠯ ᠤᠨ ᠦᠨᠳᠦᠰᠦᠯᠡᠯ    1᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ︵2020 ᠣᠨ ᠳᠤ ᠵᠠᠰᠠᠪᠤᠷᠢ ᠣᠷᠣᠭᠤᠯᠪᠠ︶    2᠂ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠬᠡᠷᠡᠭᠯᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠡᠮᠵᠢᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠤᠯᠤᠰ ᠰᠢᠷᠣᠢ ᠡᠬᠢ ᠪᠠᠶᠠᠯᠢᠭ ᠲᠠᠷᠬᠠᠭᠠᠭᠰᠠᠨ ﹇2017﹈ 41 ᠳ᠋ᠦ᠋ᠭᠡᠷ ᠲᠣᠭᠠᠲᠤ︶    3᠂ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠬᠡᠷᠡᠭᠯᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠡᠮᠵᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠢ ᠶᠢᠨ ᠲᠢᠩᠬᠢᠮ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠥᠪᠥᠷ ᠤᠯᠤᠰ ᠰᠢᠷᠣᠢ ᠡᠬᠢ ᠪᠠᠶᠠᠯᠢᠭ ᠦᠰᠦᠭ ﹇2017﹈ 101 ᠳ᠋ᠦ᠋ᠭᠡᠷ ᠲᠣᠭᠠᠲᠤ︶    4᠂ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠡᠮᠵᠢᠬᠦ ᠵᠢᠴᠢ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠳᠤ ᠬᠡᠷᠡᠭᠯᠡᠬᠦ ᠭᠠᠵᠠᠷ ᠢ ᠪᠠᠲᠤᠯᠠᠬᠤ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ ︵ᠥᠪᠥᠷ ᠤᠯᠤᠰ ᠰᠢᠷᠣᠢ ᠡᠬᠢ ᠪᠠᠶᠠᠯᠢᠭ ᠦᠰᠦᠭ ﹇2017﹈ 326 ᠳ᠋ᠤᠭᠠᠷ ᠲᠣᠭᠠᠲᠤ︶    5᠂ ︽ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ ᠲᠡᠭᠦᠯᠳᠡᠷᠵᠢᠭᠦᠯᠬᠦ ᠲᠤᠬᠠᠢ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ ᠲᠠᠷᠬᠠᠭᠠᠭᠰᠠᠨ ︹ 2019︺ 519 ᠳ᠋ᠦ᠋ᠭᠡᠷ ᠲᠣᠭᠠᠲᠤ︶    6᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠲᠥᠯᠦᠪᠵᠢᠭᠦᠯᠭᠡ    ᠭᠤᠷᠪᠠ᠂ ᠠᠵᠢᠯ ᠤᠨ ᠠᠭᠤᠯᠭ᠎ᠠ    ᠨᠢᠭᠡ ᠳᠤ ᠪᠦᠬᠦ ᠰᠢᠶᠠᠨ ᠤ ᠲᠠᠷᠠᠬᠠᠢ ᠪᠤᠲᠠᠷᠬᠠᠢ ᠪᠠᠶᠢᠭ᠎ᠠ ᠰᠠᠭᠤᠭᠠᠯᠢ ᠠᠷᠠᠳ ᠤᠨ ᠲᠥᠪᠯᠡᠷᠡᠭᠰᠡᠨ ᠭᠠᠵᠠᠷ ᠵᠢᠴᠢ ᠰᠢᠶᠠᠩ ᠢ ᠬᠠᠰᠤᠵᠤ ᠪᠠᠯᠭᠠᠰᠤ ᠪᠣᠯᠭᠠᠭᠰᠠᠨ ᠤ ᠳᠠᠷᠠᠭᠠᠬᠢ ᠦᠷ᠎ᠡ ᠪᠦᠲᠦᠮᠵᠢ ᠪᠠᠷ ᠳᠣᠣᠷ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠣᠷᠣᠨ ᠤ ᠭᠠᠵᠠᠷ ᠰᠢᠷᠣᠢ ᠶᠢᠨ ᠠᠰᠢᠭᠯᠠᠯᠲᠠ ᠶᠢᠨ ᠣᠳᠣᠬᠢ ᠪᠠᠶᠢᠳᠠᠯ᠂ ᠡᠷᠬᠡ ᠶᠢᠨ ᠬᠠᠷᠢᠶᠠᠯᠠᠯ᠂ ᠵᠡᠷᠭᠡ ᠳᠡᠰ ᠢ ᠪᠠᠶᠢᠴᠠᠭᠠᠨ ᠲᠣᠳᠣᠯᠠᠵᠤ᠂ ᠲᠤᠷᠰᠢᠯᠲᠠ ᠶᠢᠨ ᠭᠠᠵᠠᠷ ᠣᠷᠣᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠡᠮᠬᠢᠯᠡᠨ ᠬᠠᠭᠠᠯᠪᠤᠷᠢᠯᠠᠬᠤ ᠳᠠᠯᠳᠠ ᠬᠦᠴᠦᠨ ᠪᠣᠯᠣᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠵᠠᠳᠠᠯᠵᠤ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠪᠣᠯᠣᠨ ᠰᠢᠨ᠎ᠡ ᠶᠢ ᠪᠠᠶᠢᠭᠤᠯᠵᠤ ᠬᠠᠭᠤᠴᠢᠨ ᠢ ᠨᠤᠷᠠᠭᠠᠬᠤ ᠬᠦᠰᠡᠯ ᠰᠠᠨᠠᠭ᠎ᠠ ᠶᠢ ᠣᠶᠢᠯᠠᠭᠠᠬᠤ ᠬᠡᠷᠡᠭᠲᠡᠢ᠃    ᠬᠤᠶᠠᠷ ᠲᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠣᠯᠣᠨ ᠲᠤᠰᠬᠠᠢ ᠵᠦᠢᠯ ᠤᠨ ᠪᠠᠶᠢᠴᠠᠭᠠᠨ ᠨᠠᠶᠢᠷᠠᠭᠤᠯᠤᠨ ᠵᠣᠬᠢᠶᠠᠬᠤ ᠲᠠᠢ ᠬᠤᠯᠪᠣᠭᠳᠠᠭᠤᠯᠬᠤ ᠲᠤᠷᠰᠢᠯᠲᠠ ᠶᠢᠨ ᠴᠡᠭ ᠤᠨ ᠲᠤᠰᠬᠠᠢ ᠵᠦᠢᠯ ᠤᠨ ᠲᠥᠯᠦᠪᠵᠢᠭᠦᠯᠭᠡ ᠶᠢ ᠦᠨᠳᠦᠰᠦᠯᠡᠨ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠯᠤᠭ᠎ᠠ ᠬᠤᠯᠪᠣᠭᠳᠠᠭᠤᠯᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠣᠷᠣᠨ ᠤ ᠬᠡᠪᠴᠢᠶᠡᠨ ᠤ ᠪᠠᠶᠢᠷᠢᠰᠢᠭᠤᠯᠤᠯ ᠢ ᠦᠨᠳᠦᠰᠦᠯᠡᠨ᠂ ᠬᠤᠲᠠ᠂ ᠲᠣᠰᠬᠤᠨ ᠪᠠᠯᠭᠠᠰᠤ ᠶᠢᠨ ᠲᠥᠯᠦᠪᠵᠢᠭᠦᠯᠭᠡ ᠵᠡᠷᠭᠡ ᠯᠦᠭᠡ ᠶᠢᠨ ᠵᠣᠯᠭᠠᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃    ᠭᠤᠷᠪᠠ ᠳᠤ ᠲᠥᠷᠥᠯ ᠵᠦᠢᠯ ᠤᠨ ᠣᠷᠣᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠡᠮᠡᠭᠳᠡᠭᠦᠯᠬᠦ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠰᠤᠵᠤ ᠨᠡᠶᠢᠯᠡᠭᠦᠯᠬᠦ ᠬᠡᠪᠴᠢᠶ᠎ᠡ᠂ ᠬᠦᠷᠢᠶ᠎ᠡ ᠪᠣᠯᠣᠨ ᠪᠠᠶᠢᠷᠢᠰᠢᠭᠤᠯᠤᠯ ᠢ ᠨᠢᠭᠡᠳᠦᠯᠲᠡᠢ ᠲᠥᠯᠥᠪᠯᠡᠨ ᠲᠣᠭᠲᠠᠭᠠᠵᠤ᠂ ᠰᠢᠨ᠎ᠡ ᠲᠣᠭᠤᠷᠢᠭ ᠤᠨ ᠬᠤᠲᠠ ᠪᠠᠯᠭᠠᠰᠤ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠷᠢᠴᠠᠯ ᠢ ᠵᠦᠢ ᠵᠣᠬᠢᠰᠲᠠᠢ ᠲᠣᠬᠢᠷᠠᠭᠤᠯᠤᠨ᠂ ᠭᠡᠷ ᠪᠠᠶᠢᠰᠢᠩ ᠢᠶᠠᠨ ᠨᠤᠷᠠᠭᠠᠯᠭᠠᠵᠤ ᠨᠡᠭᠦᠯᠭᠡᠭᠳᠡᠭᠰᠡᠨ ᠲᠠᠷᠢᠶᠠᠴᠢᠳ ᠢ ᠲᠥᠪᠬᠢᠨᠡᠭᠦᠯᠬᠦ ᠪᠠ ᠬᠥᠳᠡᠭᠡ ᠲᠣᠰᠬᠤᠨ ᠤ ᠣᠯᠠᠨ ᠨᠡᠶᠢᠲᠡ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠡᠩ ᠲᠡᠷᠢᠭᠦᠨ ᠳᠤ ᠪᠠᠲᠤᠯᠠᠬᠤ ᠶᠢᠨ ᠬᠠᠮᠲᠤ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠳᠤ ᠣᠷᠣᠨ ᠵᠠᠢ ᠦᠯᠡᠳᠡᠭᠡᠵᠦ ᠥᠭᠬᠦ ᠬᠡᠷᠡᠭᠲᠡᠢ᠃    ᠳᠥᠷᠪᠡ᠂ ᠠᠵᠢᠯ ᠤᠨ ᠬᠡᠷᠡᠭᠵᠢᠭᠦᠯᠬᠦ ᠠᠯᠬᠤᠮ ᠳᠠᠷᠠᠭ᠎ᠠ    (ᠨᠢᠭᠡ) ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ    ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠤᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠤᠰᠠᠳᠠ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠥᠷᠥᠯ ᠵᠦᠢᠯ ᠤᠨ ᠲᠣᠭᠤᠷᠢᠭ ᠢ ᠵᠣᠬᠢᠶᠠᠨ ᠪᠠᠶᠢᠭᠤᠯᠬᠤ᠂ ᠤᠳᠤᠷᠢᠳᠬᠤ ᠪᠠ ᠵᠣᠬᠢᠴᠠᠭᠤᠯᠬᠤ ᠠᠵᠢᠯ ᠢ ᠪᠣᠳᠠᠲᠠᠢ ᠬᠠᠷᠢᠭᠤᠴᠠᠬᠤ ᠬᠡᠷᠡᠭᠲᠡᠢ᠃    (ᠬᠤᠶᠠᠷ) ᠡᠮᠦᠨᠡᠬᠢ ᠬᠤᠭᠤᠴᠠᠭᠠᠨ ᠤ ᠪᠡᠯᠡᠳᠬᠡᠯ    1᠂ ᠪᠡᠯᠡᠳᠬᠡᠬᠦ ᠱᠠᠲᠤ ᠦᠶ᠎ᠡ᠃ ᠤᠳᠤᠷᠢᠳᠬᠤ ᠳᠤᠭᠤᠶᠢᠯᠠᠩ ᠪᠠᠶᠢᠭᠤᠯᠤᠭᠰᠠᠨ ᠰᠠᠭᠤᠷᠢᠨ ᠳᠡᠭᠡᠷ᠎ᠡ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠲᠥᠰᠥᠯ ᠨᠠᠶᠢᠷᠠᠭᠤᠯᠤᠨ ᠵᠣᠬᠢᠶᠠᠬᠤ ᠵᠢᠴᠢ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠬᠠᠮᠵᠢᠯᠴᠠᠬᠤ ᠨᠢᠭᠡᠴᠢ ᠶᠢ ᠨᠠᠶᠢᠳᠠᠪᠤᠷᠢᠵᠢᠭᠤᠯᠤᠨ᠂ ᠠᠵᠢᠯ ᠤᠨ ᠵᠠᠷᠤᠳᠠᠯ ᠢ ᠨᠠᠶᠢᠳᠠᠪᠤᠷᠢᠵᠢᠭᠤᠯᠵᠤ᠂ ᠠᠵᠢᠯ ᠤᠨ ᠲᠥᠯᠥᠪᠯᠡᠭᠡ ᠲᠣᠭᠲᠠᠭᠠᠬᠤ ᠬᠡᠷᠡᠭᠲᠡᠢ᠃    2᠂ ᠪᠠᠶᠢᠴᠠᠭᠠᠬᠤ ᠱᠠᠲᠤ ᠦᠶ᠎ᠡ᠃ ᠠᠵᠢᠯ ᠤᠨ ᠲᠥᠰᠥᠯ ᠤᠨ ᠱᠠᠭᠠᠷᠳᠠᠯᠭ᠎ᠠ ᠶᠢ ᠦᠨᠳᠦᠰᠦᠯᠡᠨ᠂ ᠭᠤᠷᠪᠠᠳᠠᠭᠢ ᠡᠲᠡᠭᠡᠳ ᠢ ᠤᠷᠢᠵᠤ ᠬᠡᠷᠡᠭᠰᠡᠬᠦ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠬᠦ ᠪᠠ ᠵᠠᠳᠠᠯᠬᠤ ᠶᠢᠨ ᠬᠠᠮᠲᠤ ᠭᠠᠵᠠᠷ ᠳᠠᠷᠠᠭᠠᠯᠠᠨ ᠲᠤᠬᠠᠢ ᠶᠢᠨ ᠭᠠᠵᠠᠷ ᠲᠤᠨᠢ ᠬᠠᠶᠢᠨ ᠰᠢᠨᠵᠢᠵᠦ᠂ ᠲᠥᠷᠥᠯ ᠵᠦᠢᠯ ᠤᠨ ᠣᠷᠣᠨ ᠤ ᠪᠠᠶᠢᠭ᠎ᠠ ᠭᠠᠵᠠᠷ ᠤᠨ ᠪᠠᠶᠢᠭᠠᠯᠢ ᠶᠢᠨ ᠨᠥᠬᠦᠴᠡᠯ᠂ ᠭᠠᠵᠠᠷ ᠰᠢᠷᠣᠢ ᠶᠢᠨ ᠠᠰᠢᠭᠯᠠᠯᠲᠠ ᠶᠢᠨ ᠣᠳᠣᠬᠢ ᠪᠠᠶᠢᠳᠠᠯ᠂ ᠵᠠᠮ ᠬᠠᠷᠢᠯᠴᠠᠭᠠᠨ ᠤ ᠣᠷᠣᠨ ᠪᠠᠶᠢᠷᠢ ᠵᠡᠷᠭᠡ ᠶᠢ ᠭᠤᠣᠯᠳᠠᠯᠭ᠎ᠠ ᠲᠠᠢ ᠣᠶᠢᠯᠭᠠᠬᠤ ᠬᠡᠷᠡᠭᠲᠡᠢ᠃    3᠂ ᠨᠤᠲᠠᠯᠠᠬᠤ ᠱᠠᠲᠤ ᠦᠶ᠎ᠡ᠃ ᠡᠮᠦᠨᠡᠬᠢ ᠬᠤᠭᠤᠴᠠᠭᠠᠨ ᠤ ᠪᠡᠯᠡᠳᠬᠡᠭᠰᠡᠨ ᠬᠠᠮᠢᠶ᠎ᠠ ᠪᠦᠬᠦᠢ ᠮᠠᠲ᠋ᠧᠷᠢᠶᠠᠯ ᠢ ᠴᠤᠭᠯᠠᠭᠤᠯᠬᠤ ᠪᠠ ᠡᠮᠬᠢᠳᠬᠡᠭᠰᠡᠨ ᠰᠠᠭᠤᠷᠢᠨ ᠳᠡᠭᠡᠷ᠎ᠡ᠂ ᠨᠤᠷᠠᠭᠠᠭᠰᠠᠨ ᠣᠷᠣᠨ ᠤ ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠬᠤ ᠳᠠᠯᠳᠠ ᠬᠦᠴᠦᠨ᠂ ᠰᠢᠨ᠎ᠡ ᠲᠣᠭᠤᠷᠢᠭ ᠪᠠᠶᠢᠭᠤᠯᠬᠤ ᠲᠥᠯᠦᠪᠵᠢᠭᠦᠯᠭᠡ ᠶᠢᠨ ᠨᠥᠬᠦᠴᠡᠯ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠵᠡᠷᠭᠡ ᠳᠤ ᠰᠢᠨᠵᠢᠯᠡᠬᠦ ᠤᠬᠠᠭᠠᠨᠴᠢ ᠵᠠᠳᠠᠯᠤᠯᠲᠠ ᠬᠢᠵᠦ᠂ ᠲᠥᠷᠥᠯ ᠵᠦᠢᠯ ᠤᠨ ᠪᠣᠳᠠᠲᠠᠢ ᠬᠡᠷᠡᠭᠵᠢᠭᠦᠯᠦᠭᠦᠰᠢᠲᠡᠢ ᠴᠢᠨᠠᠷ ᠢ ᠨᠤᠲᠠᠯᠠᠬᠤ ᠬᠡᠷᠡᠭᠲᠡᠢ᠃    4᠂ ᠭᠡᠷᠡᠴᠢᠯᠡᠭᠡ ᠰᠣᠨᠣᠰᠬᠤ ᠱᠠᠲᠤ ᠦᠶ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠥᠷᠥᠯ ᠵᠦᠢᠯ ᠤᠨ ᠣᠷᠣᠨ ᠳᠤ ᠬᠤᠯᠪᠣᠭᠳᠠᠬᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠲᠣᠰᠬᠤᠨ ᠤ ᠠᠷᠠᠳ ᠤᠨ ᠵᠥᠪᠯᠡᠯ᠂ ᠲᠣᠰᠬᠤᠨ ᠤ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠤᠯᠵᠤ᠂ ᠲᠥᠷᠥᠯ ᠵᠦᠢᠯ ᠤᠨ ᠲᠥᠯᠦᠪᠵᠢᠭᠦᠯᠭᠡ ᠶᠢᠨ ᠲᠥᠰᠥᠯ᠂ ᠲᠥᠪᠬᠢᠨᠡᠭᠦᠯᠬᠦ ᠲᠥᠰᠥᠯ᠂ ᠨᠥᠬᠦᠪᠦᠷᠢᠯᠡᠬᠦ ᠲᠥᠰᠥᠯ ᠤᠨ ᠲᠤᠬᠠᠢ ᠡᠯ᠎ᠡ ᠲᠠᠯ᠎ᠠ ᠶᠢᠨ ᠬᠢᠨ ᠤ ᠰᠠᠨᠠᠯ ᠢ ᠰᠣᠨᠣᠰᠴᠤ᠂ ᠨᠡᠮᠡᠵᠦ ᠬᠠᠰᠤᠬᠤ ᠶᠢ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠡᠯ᠎ᠡ ᠲᠠᠯ᠎ᠠ ᠶᠢᠨ ᠬᠢᠨ ᠤ ᠵᠥᠪᠰᠢᠶᠡᠷᠡᠯ ᠪᠠ ᠳᠡᠮᠵᠢᠯᠭᠡ ᠶᠢ ᠣᠯᠬᠤ ᠬᠡᠷᠡᠭᠲᠡᠢ᠃    (ᠭᠤᠷᠪᠠ) ᠲᠣᠭᠲᠠᠭᠠᠭᠰᠠᠨ ᠵᠦᠢᠯ    ᠦᠴᠦᠸᠠᠨ ᠰᠢᠶᠠᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2020 - 2035 ᠣᠨ︶ ᠪᠣᠯᠣᠨ ᠭᠤᠷᠪᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠲᠠᠢ ᠤᠶᠠᠯᠳᠤᠭᠤᠯᠵᠤ᠂ ᠬᠠᠭᠤᠴᠢᠨ ᠢ ᠨᠤᠷᠠᠭᠠᠨ ᠴᠡᠭᠴᠡᠯᠡᠨ ᠵᠠᠰᠠᠬᠤ ᠣᠷᠣᠨ ᠢ ᠲᠣᠭᠲᠠᠭᠠᠵᠤ᠂ ᠴᠡᠭᠴᠡᠯᠡᠨ ᠵᠠᠰᠠᠬᠤ ᠬᠡᠪᠴᠢᠶ᠎ᠡ ᠪᠣᠯᠣᠨ ᠲᠠᠷᠬᠠᠯᠲᠠ ᠶᠢᠨ ᠪᠠᠶᠢᠳᠠᠯ ᠢ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠪᠠᠷ ᠦᠨᠳᠦᠰᠦᠯᠡᠯ ᠪᠣᠯᠭᠠᠵᠤ᠂ ᠲᠥᠪᠬᠢᠨᠡᠭᠦᠯᠬᠦ ᠲᠣᠭᠤᠷᠢᠭ ᠪᠣᠯᠣᠨ ᠰᠢᠨ᠎ᠡ ᠲᠣᠭᠤᠷᠢᠭ ᠢ ᠪᠠᠶᠢᠭᠤᠯᠬᠤ ᠲᠠᠯᠠᠪᠠᠢ ᠶᠢᠨ ᠬᠡᠪᠴᠢᠶ᠎ᠡ ᠶᠢ ᠲᠣᠭᠲᠠᠭᠠᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠡᠮᠬᠢᠯᠡᠬᠦ ᠶᠡᠷᠦᠩᠬᠡᠢ ᠲᠣᠬᠢᠷᠠᠭᠤᠯᠤᠯᠲᠠ ᠪᠣᠯᠣᠨ ᠪᠣᠳᠠᠲᠠᠢ ᠬᠡᠷᠡᠭᠵᠢᠭᠦᠯᠬᠦ ᠴᠠᠭ ᠤᠨ ᠲᠡᠰ ᠳᠠᠷᠠᠭᠠᠯᠠᠯ ᠢ ᠲᠣᠭᠲᠠᠭᠠᠵᠤ᠂ ᠲᠦᠷᠦᠯ ᠵᠦᠢᠯ ᠤᠨ ᠣᠷᠣᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠡᠮᠬᠢᠯᠡᠬᠦ ᠪᠡᠯᠡ ᠮᠥᠩᠭᠦ ᠶᠢ ᠵᠢᠱᠢᠨ ᠪᠤᠳᠤᠵᠤ᠂ ᠵᠠᠷᠤᠳᠠᠯ ᠴᠤᠭᠯᠠᠭᠤᠯᠬᠤ ᠠᠷᠭ᠎ᠠ ᠵᠠᠮ᠂ ᠪᠠᠲᠤᠯᠠᠬᠤ ᠠᠷᠭ᠎ᠠ ᠬᠡᠮᠵᠢᠶ᠎ᠡ᠂ ᠱᠠᠩᠨᠠᠵᠤ ᠲᠣᠷᠭᠠᠬᠤ ᠠᠷᠭ᠎ᠠ ᠶᠢ ᠳᠤᠷᠠᠳᠪᠠ᠃    (ᠳᠥᠷᠪᠡ) ᠲᠥᠰᠥᠯ ᠢ ᠨᠠᠶᠢᠷᠠᠭᠤᠯᠤᠨ ᠵᠣᠬᠢᠶᠠᠬᠤ    ᠲᠥᠷᠥᠯ ᠵᠦᠢᠯ ᠤᠨ ᠵᠠᠳᠠᠯᠤᠯᠲᠠ ᠶᠢᠨ ᠦᠷ᠎ᠡ ᠳ᠋ᠦᠩ ᠪᠣᠯᠣᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠢ ᠦᠨᠳᠦᠰᠦᠯᠡᠨ᠂ ᠨᠠᠶᠢᠷᠠᠭᠤᠯᠤᠨ ᠵᠣᠬᠢᠶᠠᠬᠤ ᠨᠢᠭᠡᠴᠢ ᠲᠠᠢ ᠵᠣᠬᠢᠶᠠᠨ ᠪᠠᠶᠢᠭᠤᠯᠤᠨ ᠬᠠᠮᠵᠢᠯᠴᠠᠵᠤ ᠪᠠᠶᠢᠭᠠᠳ ᠲᠤᠰᠬᠠᠢ ᠵᠦᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠤᠨ ᠣᠷᠣᠨ ᠤ ᠬᠡᠷᠡᠭᠵᠢᠭᠦᠯᠬᠦ ᠲᠥᠰᠥᠯ ᠪᠣᠯᠣᠨ ᠬᠠᠭᠤᠴᠢᠨ ᠲᠣᠭᠤᠷᠢᠭ ᠢ ᠨᠤᠷᠠᠭᠠᠵᠤ ᠰᠡᠷᠭᠦᠭᠡᠨ ᠬᠠᠭᠠᠯᠪᠤᠷᠢᠯᠠᠬᠤ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠵᠢᠴᠢ ᠬᠠᠮᠢᠶ᠎ᠠ ᠪᠦᠬᠦᠢ ᠵᠢᠷᠤᠭ ᠢ ᠨᠠᠶᠢᠷᠠᠭᠤᠯᠤᠨ ᠵᠣᠬᠢᠶᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃    (ᠲᠠᠪᠤ) ᠲᠦᠷᠦᠯ ᠵᠦᠢᠯ ᠭᠤᠶᠤᠴᠢᠯᠠᠨ ᠮᠡᠳᠡᠭᠦᠯᠬᠦ    ᠰᠢᠶᠠᠨ ᠤ ᠵᠠᠰᠠᠭ ᠤᠨ ᠣᠷᠳᠣᠨ ᠨᠠᠶᠢᠷᠠᠭᠤᠯᠤᠨ ᠵᠣᠬᠢᠶᠠᠵᠤ ᠳᠠᠭᠤᠰᠤᠭᠰᠠᠨ ᠲᠤᠰᠬᠠᠢ ᠲᠥᠯᠦᠪᠵᠢᠭᠦᠯᠭᠡ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠬᠡᠷᠡᠭᠵᠢᠭᠦᠯᠬᠦ ᠲᠥᠰᠥᠯ ᠵᠢᠴᠢ ᠲᠥᠷᠥᠯ ᠵᠦᠢᠯ ᠤᠨ ᠣᠷᠣᠨ ᠤ ᠨᠤᠷᠠᠭᠠᠨ ᠬᠠᠭᠠᠯᠪᠤᠷᠢᠯᠠᠬᠤ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠶᠢ ᠦᠨᠳᠦᠰᠦᠯᠡᠨ᠂ ᠱᠠᠲᠤ ᠳᠠᠷᠠᠭᠠᠯᠠᠨ ᠳᠡᠭᠡᠭᠰᠢ ᠮᠡᠳᠡᠭᠦᠯᠵᠦ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃    ᠲᠠᠪᠤ᠂ ᠠᠵᠢᠯ ᠤᠨ ᠱᠠᠭᠠᠷᠳᠠᠯᠭ᠎ᠠ    (ᠨᠢᠭᠡ) ᠴᠠᠭ ᠲᠠᠭᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ    ᠪᠦᠬᠦ ᠰᠢᠶᠠᠨ ᠤ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠡᠯ᠎ᠡ ᠪᠦᠷᠢᠯᠳᠦᠭᠦᠨ ᠨᠢᠭᠡᠴᠢ ᠨᠦᠭᠦᠳ ᠨᠡᠪᠲᠡᠷᠡᠯᠴᠡᠭᠡ ᠪᠠᠨ ᠴᠢᠩᠭᠠᠳᠬᠠᠵᠤ᠂ ᠵᠣᠬᠢᠴᠠᠭᠤᠯᠤᠨ ᠬᠠᠮᠵᠢᠯᠴᠠᠵᠤ᠂ ᠠᠵᠢᠯ ᠢᠶᠠᠨ ᠢᠳᠡᠪᠬᠢᠲᠡᠢ ᠥᠷᠨᠢᠭᠦᠯᠬᠦ ᠬᠡᠷᠡᠭᠲᠡᠢ᠃ ᠨᠠᠷᠢᠨ ᠨᠢᠭᠲᠠ ᠨᠠᠷᠢᠨ ᠲᠣᠳᠣᠷᠬᠠᠢ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠢ ᠴᠠᠭ ᠲᠤᠬᠠᠢ ᠳᠤᠨᠢ ᠲᠣᠭᠲᠠᠭᠠᠵᠤ᠂ ᠨᠥᠬᠦᠪᠦᠷᠢ ᠥᠭᠬᠦ᠂ ᠲᠥᠪᠬᠢᠨᠡᠭᠦᠯᠬᠦ᠂ ᠰᠡᠷᠭᠦᠭᠡᠨ ᠬᠠᠭᠠᠯᠪᠤᠷᠢᠯᠠᠬᠤ ᠵᠢᠴᠢ ᠰᠡᠷᠭᠦᠭᠡᠨ ᠬᠠᠭᠠᠯᠪᠤᠷᠢᠯᠠᠭᠰᠠᠨ ᠤ ᠳᠠᠷᠠᠭᠠᠬᠢ ᠭᠠᠵᠠᠷ ᠰᠢᠷᠣᠢ ᠶᠢᠨ ᠡᠷᠬᠡ ᠶᠢᠨ ᠬᠠᠷᠢᠶ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠲᠥᠷᠥᠯ ᠵᠦᠢᠯ ᠢ ᠴᠠᠭ ᠲᠤᠬᠠᠢ ᠳᠤᠨᠢ᠂ ᠶᠠᠰᠤ ᠴᠢᠨᠠᠷᠲᠠᠢ᠂ ᠲᠤᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃    (ᠬᠤᠶᠠᠷ) ᠰᠡᠷᠭᠦᠭᠡᠨ ᠬᠠᠭᠠᠯᠪᠤᠷᠢᠯᠠᠬᠤ ᠶᠠᠰᠤ ᠴᠢᠨᠠᠷ ᠢ ᠪᠠᠲᠤᠯᠠᠨ᠎ᠠ    ᠬᠠᠭᠤᠴᠢᠨ ᠢ ᠨᠤᠷᠠᠭᠠᠬᠤ ᠣᠷᠣᠨ ᠤ ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠬᠤ ᠳᠤ ᠡᠷᠬᠡᠪᠰᠢ ᠵᠢᠷᠤᠭ ᠲᠥᠯᠥᠪᠯᠡᠭᠡ ᠶᠢᠨ ᠲᠥᠰᠥᠯ ᠤᠨ ᠱᠠᠭᠠᠷᠳᠠᠯᠭ᠎ᠠ ᠶᠣᠰᠣᠭᠠᠷ ᠴᠢᠩᠭ᠎ᠠ ᠬᠢᠵᠦ᠂ ᠬᠠᠭᠤᠴᠢᠨ ᠢ ᠨᠤᠷᠠᠭᠠᠵᠤ ᠰᠡᠷᠭᠦᠭᠡᠨ ᠬᠠᠭᠠᠯᠪᠤᠷᠢᠯᠠᠭᠰᠠᠨ ᠭᠠᠵᠠᠷ ᠤᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠭᠰᠠᠨ ᠭᠠᠵᠠᠷ ᠤᠨ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠲᠠᠢ ᠬᠠᠷᠢᠴᠠᠭᠤᠯᠪᠠᠯ᠂ ᠲᠤᠭ᠎ᠠ ᠬᠡᠮᠵᠢᠶ᠎ᠡ ᠨᠢ ᠬᠠᠰᠤᠭᠳᠠᠬᠤ ᠦᠭᠡᠢ᠂ ᠶᠠᠰᠤ ᠴᠢᠨᠠᠷ ᠨᠢ ᠪᠠᠭᠤᠷᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃    (ᠭᠤᠷᠪᠠ) ᠰᠢᠯᠭᠠᠨ ᠬᠤᠷᠢᠶᠠᠬᠤ ᠪᠠᠷᠢᠮᠵᠢᠶ᠎ᠠ ᠳᠤ ᠬᠦᠷᠬᠦ ᠶᠢ ᠪᠠᠲᠤᠯᠠᠨ᠎ᠠ    ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠤᠨ ᠲᠣᠭᠤᠷᠢᠭ ᠨᠢ ᠬᠠᠭᠤᠴᠢᠨ ᠢ ᠨᠤᠷᠠᠭᠠᠬᠤ ᠪᠤᠶᠤ ᠰᠢᠨ᠎ᠡ ᠪᠠᠷ ᠪᠠᠶᠢᠭᠤᠯᠬᠤ ᠣᠷᠣᠨ ᠭᠡᠰᠡᠨ ᠦᠭᠡᠢ᠂ ᠡᠷᠬᠡᠪᠰᠢ ᠲᠥᠯᠦᠪᠵᠢᠭᠦᠯᠭᠡ ᠶᠣᠰᠣᠭᠠᠷ ᠣᠷᠣᠨ ᠪᠠᠶᠢᠷᠢ ᠲᠣᠭᠲᠠᠭᠠᠨ ᠬᠡᠷᠡᠭᠵᠢᠭᠦᠯᠵᠦ᠂ ᠰᠡᠷᠭᠦᠭᠡᠨ ᠬᠠᠭᠠᠯᠪᠤᠷᠢᠯᠠᠭᠰᠠᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠢ ᠰᠢᠯᠭᠠᠨ ᠠᠪᠬᠤ ᠶᠢ ᠪᠠᠲᠤᠯᠠᠬᠤ ᠬᠡᠷᠡᠭᠲᠡᠢ ᠮᠥᠷᠲᠡᠭᠡᠨ ᠪᠠᠰᠠ ᠲᠥᠷᠥᠯ ᠵᠦᠢᠯ ᠤᠨ ᠬᠡᠷᠡᠭᠵᠢᠭᠦᠯᠬᠦ ᠣᠷᠣᠨ ᠪᠠᠶᠢᠷᠢ ᠶᠢ ᠬᠤᠪᠢᠷᠠᠭᠤᠯᠬᠤ ᠦᠭᠡᠢ᠂ ᠬᠡᠪᠴᠢᠶ᠎ᠡ ᠶᠢ ᠰᠢᠪᠲᠤᠯᠬᠤ ᠬᠡᠷᠡᠭᠲᠡᠢ᠃    (ᠳᠥᠷᠪᠡ) ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠨ᠎ᠡ    ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠢ ᠥᠷᠨᠢᠭᠦᠯᠬᠦ ᠪᠣᠯ ᠣᠳᠣᠬᠠᠨ ᠤ ᠠᠵᠤ ᠠᠬᠤᠢ ᠶᠢᠨ ᠬᠥᠭᠵᠢᠯᠲᠡ ᠳᠤᠮᠳᠠᠬᠢ ᠭᠠᠵᠠᠷ ᠰᠢᠷᠣᠢ ᠶᠢᠨ ᠪᠣᠭᠤᠮᠢ ᠶᠢᠨ ᠠᠰᠠᠭᠤᠳᠠᠯ ᠢ ᠰᠢᠢᠳᠪᠦᠷᠢᠯᠡᠬᠦ‍ ᠨᠢᠭᠡ ᠵᠦᠢᠯ ᠤᠨ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠢ ᠬᠡᠷᠡᠭᠵᠢᠭᠦᠯᠬᠦ ᠰᠢᠶᠠᠩ ᠪᠠᠯᠭᠠᠰᠤ ᠲᠦᠷᠦᠯ ᠵᠦᠢᠯ ᠢ ᠬᠡᠷᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠩᠭ᠎ᠠ ᠬᠦᠴᠦᠲᠡᠢ ᠤᠳᠤᠷᠢᠳᠬᠤ ᠪᠠᠭ ᠢ ᠰᠣᠩᠭᠤᠨ ᠲᠣᠮᠢᠯᠠᠵᠤ ᠪᠣᠳᠠᠲᠠᠢ ᠨᠠᠶᠢᠳᠠᠪᠤᠷᠢᠵᠢᠭᠤᠯᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠲᠦᠷᠦᠯ ᠵᠦᠢᠯ ᠢ ᠰᠢᠯᠭᠠᠨ ᠬᠤᠷᠢᠶᠠᠬᠤ ᠳᠤ ᠬᠢᠷᠢ ᠲᠡᠩᠴᠡᠭᠦᠯᠵᠦ᠂ ᠤᠯᠠᠨ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠬᠡᠷᠡᠭᠲᠡᠢ᠃    (ᠲᠠᠪᠤ) ᠵᠠᠷᠤᠳᠠᠯ ᠤᠨ ᠪᠠᠲᠤᠯᠠᠭ᠎ᠠ    ᠠᠵᠢᠯ ᠤᠨ ᠤᠷᠤᠭᠰᠢᠲᠠᠢ ᠥᠷᠨᠢᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠣᠷᠣᠨ ᠨᠤᠲᠤᠭ ᠤᠨ ᠡᠳ᠋ ᠤᠨ ᠵᠠᠰᠠᠭ ᠠᠴᠠ ᠣᠨ ᠤ ᠲᠥᠰᠥᠪ ᠤᠨ ᠵᠣᠭᠤᠰ ᠥᠭᠬᠦ ᠳᠤ ᠣᠷᠣᠭᠤᠯᠬᠤ ᠬᠡᠷᠡᠭᠲᠡᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号