︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ  ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2024/5/10
     ᠨᠢᠭᠡ᠂ ᠲᠥᠷᠥ ᠶᠢᠨ ᠪᠣᠳᠣᠯᠭ᠎ᠠ ᠶᠢᠨ ᠲᠡᠦᠬᠡᠲᠦ ᠠᠬᠤᠢ      2022 ᠣᠨ ᠳᠤ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠳᠣᠷᠣᠭᠰᠢ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠭᠡᠵᠦ ᠲᠣᠪᠴᠢᠯᠠᠪᠠ︶᠎ ᠢ ᠨᠡᠶᠢᠲᠡᠯᠡᠭᠰᠡᠨ ᠤ ᠳᠠᠷᠠᠭ᠎ᠠ᠂ ᠮᠠᠨ ᠤ ᠣᠷᠣᠨ ᠢ ᠤᠳᠤᠷᠢᠳᠤᠨ ᠳᠠᠭᠠᠭᠤᠯᠵᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠭᠤᠯᠤᠭᠠᠳ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠭᠦᠢᠴᠡᠳ ᠨᠤᠲᠠᠯᠠᠯᠲᠠ ᠶᠢ ᠣᠯᠵᠠᠢ᠃ ᠡᠭᠦᠨ ᠤ ᠬᠠᠮᠲᠤ᠂ ᠨᠠᠮ ᠤᠨ ᠲᠥᠪ ᠬᠤᠷᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠰᠢᠨ᠎ᠡ ᠱᠠᠭᠠᠷᠳᠠᠯᠭ᠎ᠠ ᠳᠤᠷᠠᠳᠴᠤ᠂ ᠮᠠᠨ ᠤ ᠣᠷᠣᠨ ᠤ ᠠᠵᠢᠯ ᠤᠨ ᠳᠤᠮᠳᠠ ᠪᠠᠰᠠ ᠮᠠᠰᠢ ᠣᠯᠠᠨ ᠰᠢᠨ᠎ᠡ ᠵᠠᠭᠪᠤᠷ ᠤᠳ ᠢ ᠳ᠋ᠦᠩᠨᠡᠨ᠂ ᠵᠠᠷᠢᠮ ᠰᠢᠨ᠎ᠡ ᠠᠰᠠᠭᠤᠳᠠᠯ ᠤᠳ ᠢ ᠢᠯᠡᠷᠡᠭᠦᠯᠦᠭᠰᠡᠨ ᠪᠠᠶᠢᠨ᠎ᠠ᠃ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾᠎ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠦᠨᠡᠯᠡᠨ ᠵᠢᠱᠢᠭᠰᠡᠨ ᠰᠠᠭᠤᠷᠢᠨ ᠳᠡᠭᠡᠷ᠎ᠡ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠤᠷᠢᠳ ᠢᠶᠠᠷ ᠪᠣᠰᠬᠠᠵᠤ ᠳᠠᠷᠠᠭ᠎ᠠ ᠨᠢ ᠰᠢᠪᠲᠤᠯᠬᠤ︾ ᠵᠠᠷᠴᠢᠮ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶᠎ ᠢ ᠳᠠᠷᠤᠮᠠᠯᠯᠠᠨ ᠲᠠᠷᠬᠠᠭᠠᠭᠠᠳ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾᠎ ᠢ ᠰᠢᠨᠡᠳᠬᠡᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠰᠠᠭᠤᠷᠢ ᠪᠣᠯᠭᠠᠨ᠂ ︽ᠡᠷᠭᠢᠯᠳᠦᠭᠦᠯᠬᠦ - ᠳᠠᠷᠢᠬᠤ - ᠪᠣᠯᠪᠠᠰᠤᠷᠠᠭᠤᠯᠬᠤ - ᠦᠢᠯᠡᠴᠢᠯᠡᠬᠦ - ᠡᠵᠡᠩᠨᠡᠨ ᠪᠣᠷᠣᠯᠠᠭᠤᠯᠬᠤ︾ ᠪᠥᠬᠦ ᠬᠡᠯᠬᠢᠶ᠎ᠡ ᠶᠢ ᠨᠠᠪᠲᠠᠷᠡᠭᠦᠯᠵᠦ᠂ ᠲᠠᠷᠢᠶᠠᠯᠠᠩ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢᠨ ᠶᠡᠭᠡ ᠬᠤᠪᠢᠰᠤᠯᠲᠠ ᠶᠢ ᠠᠬᠢᠭᠤᠯᠵᠠᠢ᠃      ᠬᠤᠶᠠᠷ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾᠎ ᠲᠠᠢ ᠬᠠᠷᠢᠴᠠᠭᠤᠯᠪᠠᠯ ᠶᠠᠮᠠᠷ ᠶᠠᠮᠠᠷ ᠬᠤᠪᠢᠷᠠᠯᠲᠠ ᠲᠠᠢ ᠪᠤᠢ︖      ︽ᠮᠡᠳᠡᠭᠳᠡᠯ︾᠎ ᠳᠤ 11 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠭ᠎ᠠ ᠶᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠭᠤᠣᠯᠳᠠᠭᠤ ᠲᠥᠷᠥ ᠶᠢᠨ ᠪᠣᠳᠣᠯᠭ᠎ᠠ ᠶᠢᠨ ᠲᠥᠰᠥᠪᠯᠡᠯ ᠤᠨ ᠲᠠᠯ᠎ᠠ ᠪᠠᠷ ᠰᠢᠯᠢᠳᠡᠭᠵᠢᠭᠦᠯᠪᠡ᠃ ᠨᠢᠭᠡ ᠳᠤ ᠦᠨᠡᠯᠡᠨ ᠵᠢᠱᠢᠯᠲᠡ ᠳᠤ ᠣᠷᠣᠰᠢᠵᠤ ᠪᠠᠶᠢᠭ᠎ᠠ 30 ᠵᠦᠢᠯ ᠤᠨ ᠠᠰᠠᠭᠤᠳᠠᠯ ᠢ ᠦᠨᠳᠦᠰᠦᠯᠡᠨ᠂ 34 ᠵᠦᠢᠯ ᠤᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠨᠡᠮᠡᠪᠡ᠃ ᠬᠤᠶᠠᠷ ᠲᠤ ᠡᠯ᠎ᠡ ᠭᠠᠵᠠᠷ ᠤᠨ ᠨᠡᠶᠢᠲᠡᠯᠢᠭ ᠲᠤᠷᠰᠢᠯᠭ᠎ᠠ ᠨᠤᠭᠤᠳ ᠲᠠᠢ ᠤᠶᠠᠯᠳᠤᠭᠤᠯᠤᠨ᠂ ᠠᠵᠢᠯ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ᠂ ᠪᠠᠶᠢᠭᠤᠯᠬᠤ ᠬᠠᠮᠢᠶᠠᠷᠬᠤ ᠡᠵᠡᠩᠨᠡᠬᠦ ᠶᠢ ᠨᠢᠭᠡ ᠴᠣᠭᠴᠠᠵᠢᠭᠤᠯᠬᠤ ᠵᠡᠷᠭᠡ ᠨᠡᠶᠢᠲᠡᠯᠢᠭ ᠵᠠᠭᠪᠤᠷ ᠤᠳ ᠤᠨ ᠣᠯᠠᠰᠢᠷᠠᠬᠤ ᠶᠢ ᠠᠬᠢᠭᠤᠯᠪᠠ᠃ ᠭᠤᠷᠪᠠ ᠳᠤ ᠲᠥᠷᠥ ᠶᠢᠨ ᠪᠣᠳᠣᠯᠭ᠎ᠠ ᠶᠢᠨ ᠬᠤᠭᠤᠴᠠᠭᠠᠲᠤ ᠴᠢᠨᠠᠷ ᠢ ᠳᠡᠭᠡᠭᠰᠢᠯᠡᠭᠦᠯᠦᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠢᠴᠢᠭ ᠮᠠᠲ᠋ᠧᠷᠢᠶᠠᠯ ᠳᠠᠬᠢ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠴᠠᠭᠠᠵᠠᠯᠠᠬᠤ ᠵᠡᠷᠭᠡ ᠬᠤᠶᠠᠷ ᠵᠦᠢᠯ ᠤᠨ ᠠᠷᠭ᠎ᠠ ᠬᠡᠮᠵᠢᠶ᠎ᠡ ᠶᠢ ᠬᠠᠰᠤᠵᠤ᠂ ᠬᠡᠰᠡᠭ ᠬᠠᠷᠢᠭᠤᠴᠠᠬᠤ ᠨᠢᠭᠡᠴᠢ ᠶᠢ ᠲᠣᠬᠢᠷᠠᠭᠤᠯᠪᠠ᠃      ᠭᠤᠷᠪᠠ᠂ ᠭᠤᠣᠯ ᠠᠭᠤᠯᠭ᠎ᠠ      ︽ᠮᠡᠳᠡᠭᠳᠡᠯ︾᠎ ᠳᠤ ᠨᠡᠶᠢᠲᠡ ᠠᠷᠪᠠᠨ ᠨᠢᠭᠡᠨ ᠲᠠᠯ᠎ᠠ ᠶᠢ ᠪᠠᠭᠲᠠᠭᠠᠵᠤ᠂ ︽ᠳᠥᠷᠪᠡ ᠶᠢ ᠲᠣᠭᠲᠠᠭᠠᠬᠤ ᠳᠥᠷᠪᠡ ᠶᠢ ᠠᠳᠬᠤᠬᠤ ᠭᠤᠷᠪᠠ ᠶᠢ ᠪᠠᠲᠤᠯᠠᠬᠤ︾᠎ ᠶᠢ ᠢᠯᠡᠷᠡᠭᠦᠯᠪᠡ᠃ ︽ᠳᠥᠷᠪᠡ ᠶᠢ ᠲᠣᠭᠲᠠᠭᠠᠬᠤ︾ ᠪᠣᠯ ︽ᠪᠠᠷᠢᠮᠵᠢᠶ᠎ᠠ ᠶᠢ ᠲᠣᠭᠲᠠᠭᠠᠬᠤ᠂ ᠵᠠᠭᠪᠤᠷ ᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ᠂ ᠱᠠᠩᠨᠠᠯ ᠢ ᠲᠣᠭᠲᠠᠭᠠᠬᠤ︾᠂ ︽ᠳᠥᠷᠪᠡ ᠶᠢ ᠠᠳᠬᠤᠬᠤ︾ ᠪᠣᠯ ︽ᠲᠥᠰᠥᠪᠯᠡᠯ ᠢ ᠠᠳᠬᠤᠬᠤ᠂ ᠳᠠᠭᠠᠭᠠᠴᠢᠯᠠᠯᠲᠠ ᠵᠠᠷᠯᠠᠬᠤ ᠶᠢ ᠠᠳᠬᠤᠬᠤ᠂ ᠰᠢᠯᠭᠠᠨ ᠠᠪᠬᠤ ᠶᠢ ᠠᠳᠬᠤᠬᠤ᠂ ᠬᠠᠮᠢᠶᠠᠷᠤᠨ ᠬᠠᠮᠠᠭᠠᠯᠠᠬᠤ ᠶᠢ ᠠᠳᠬᠤᠬᠤ︾᠂ ︽ᠭᠤᠷᠪᠠ ᠶᠢ ᠪᠠᠲᠤᠯᠠᠬᠤ︾ ᠪᠣᠯ ︽ᠪᠡᠯᠡ ᠮᠥᠩᠭᠦᠨ ᠤ ᠪᠠᠲᠤᠯᠠᠭ᠎ᠠ᠂ ᠶᠠᠰᠤ ᠴᠢᠨᠠᠷ ᠤᠨ ᠪᠠᠲᠤᠯᠠᠭ᠎ᠠ᠂ ᠲᠣᠭᠲᠠᠴᠠ ᠶᠢᠨ ᠪᠠᠲᠤᠯᠠᠭ᠎ᠠ︾ ᠪᠣᠯᠣᠨ᠎ᠠ᠃      ︵ᠨᠢᠭᠡ︶ ᠳᠥᠷᠪᠡ ᠶᠢ ᠲᠣᠭᠲᠠᠭᠠᠬᠤ᠃ ᠨᠢᠭᠡ ᠳᠤ ᠪᠠᠷᠢᠮᠵᠢᠶ᠎ᠠ ᠶᠢ ᠲᠣᠭᠲᠠᠭᠠᠬᠤ᠂ ᠲᠤᠬᠠᠶᠢᠯᠠᠪᠠᠯ ︽ᠨᠥᠬᠦᠪᠦᠷᠢ ᠥᠭᠬᠦ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ︾᠂ ᠨᠢᠭᠡᠳᠦᠯᠲᠡᠢ ᠲᠥᠯᠥᠪᠯᠡᠬᠦ ᠪᠡᠯᠡ ᠮᠥᠩᠭᠦᠨ ᠤ ᠠᠷᠭ᠎ᠠ ᠵᠠᠮ ᠢ ᠲᠣᠳᠣᠷᠬᠠᠶᠢᠯᠠᠨ᠂ ᠬᠤᠲᠠ ᠰᠢᠶᠠᠨ ᠤ ᠢᠵᠢ ᠲᠥᠬᠦᠷ ᠬᠠᠷᠢᠭᠤᠴᠠᠯᠭ᠎ᠠ ᠶᠢ ᠬᠦᠴᠦᠨ ᠦᠭᠡᠢ ᠪᠣᠯᠭᠠᠵᠤ᠂ ᠵᠦᠷᠢᠶᠡᠴᠢᠯᠡᠭᠰᠡᠨ ᠨᠥᠬᠦᠪᠦᠷᠢ ᠪᠠ ᠪᠡᠯᠡ ᠴᠤᠭᠯᠠᠭᠤᠯᠤᠨ ᠬᠥᠳᠡᠯᠮᠦᠷᠢ ᠣᠷᠣᠭᠤᠯᠬᠤ ᠶᠢ ᠬᠡᠷᠡᠭᠵᠢᠭᠦᠯᠦᠨ᠂ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠪᠠ ᠨᠡᠶᠢᠭᠡᠮ ᠤᠨ ᠬᠥᠷᠥᠩᠭᠡ ᠶᠢ ᠨᠡᠶᠢᠯᠡᠭᠦᠯᠦᠨ᠎ᠡ᠃ ᠬᠤᠶᠠᠷ ᠲᠤ ᠵᠠᠭᠪᠤᠷ ᠢ ᠲᠣᠭᠲᠠᠭᠠᠬᠤ᠂ ᠲᠤᠬᠠᠶᠢᠯᠠᠪᠠᠯ ︽ᠨᠡᠮᠡᠭᠳᠡᠯ ᠭᠠᠵᠠᠷ ᠤᠨ ᠳᠠᠯᠳᠠ ᠬᠦᠴᠦᠨ ᠢ ᠠᠭᠤᠳᠠᠯᠵᠤ︾᠂ ︽ᠭᠤᠷᠪᠠ ᠶᠢ ᠬᠦᠴᠦᠨ ᠦᠭᠡᠢ ᠪᠣᠯᠭᠠᠬᠤ ᠲᠠᠪᠤ ᠶᠢ ᠨᠢᠭᠡᠳᠬᠡᠬᠦ‍ ᠨᠢᠭᠡ ᠶᠢ ᠰᠢᠨᠡᠳᠬᠡᠬᠦ︾ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠲᠣᠳᠣᠷᠬᠠᠢ ᠳᠡᠯᠭᠡᠷᠡᠭᠦᠯᠦᠨ᠂ ︽ᠪᠠᠭ᠎ᠠ ᠲᠠᠷᠢᠶ᠎ᠠ ᠶᠢ ᠶᠡᠭᠡ ᠲᠠᠷᠢᠶ᠎ᠠ ᠪᠣᠯᠭᠠᠬᠤ︾᠎ ᠶᠢ ᠪᠡᠶᠡᠯᠡᠭᠦᠯᠦᠨ᠎ᠡ᠃ ᠭᠤᠷᠪᠠ ᠳᠤ ᠬᠠᠷᠢᠭᠤᠴᠠᠯᠭ᠎ᠠ ᠶᠢ ᠲᠣᠭᠲᠠᠭᠠᠬᠤ᠂ ᠲᠤᠬᠠᠶᠢᠯᠠᠪᠠᠯ ︽ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ︾᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠭᠤᠣᠯ ᠴᠣᠭᠴᠠ ᠪᠣᠯᠭᠠᠬᠤ ᠶᠢ ᠲᠣᠳᠣᠷᠬᠠᠶᠢᠯᠠᠨ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠠᠵᠢᠯ ᠲᠥᠷᠥᠯ ᠢ ᠬᠢᠨᠠᠨ ᠬᠠᠮᠢᠶᠠᠷᠴᠤ᠂ ᠣᠯᠠᠨ ᠲᠦᠮᠡᠨ ᠢ ᠤᠳᠤᠷᠢᠳᠤᠨ ᠵᠢᠯᠤᠭᠤᠳᠴᠤ ᠣᠷᠣᠯᠴᠠᠭᠤᠯᠤᠨ᠎ᠠ᠃ ᠳᠥᠷᠪᠡ ᠳᠤ ᠱᠠᠩᠨᠠᠯ ᠢ ᠲᠣᠭᠲᠠᠭᠠᠬᠤ᠂ ᠲᠤᠬᠠᠶᠢᠯᠠᠪᠠᠯ ︽ᠱᠠᠩᠨᠠᠬᠤ ᠲᠣᠭᠲᠠᠴᠠ ᠶᠢ ᠪᠠᠶᠢᠭᠤᠯᠵᠤ︾᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠵᠢᠯ ᠪᠦᠷᠢ 2000 ᠲᠦᠮᠡᠨ ᠲᠥᠭᠦᠷᠢᠭ ᠲᠣᠬᠢᠷᠠᠭᠤᠯᠤᠨ᠂ ᠪᠦᠲᠦᠭᠡᠨ ᠪᠠᠶᠢᠭᠤᠯᠤᠭᠰᠠᠨ ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ᠪᠠ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ ᠲᠣᠰᠬᠤᠨ ᠤ ᠬᠠᠮᠲᠤ ᠨᠡᠶᠢᠲᠡ ᠶᠢ ᠱᠠᠩᠨᠠᠨ᠎ᠠ᠃      ︵ᠬᠤᠶᠠᠷ︶ ᠳᠥᠷᠪᠡ ᠶᠢ ᠠᠳᠬᠤᠬᠤ᠃ ᠨᠢᠭᠡ ᠳᠤ ᠲᠥᠰᠥᠪᠯᠡᠯ ᠢ ᠠᠳᠬᠤᠬᠤ᠂ ᠲᠤᠬᠠᠶᠢᠯᠠᠪᠠᠯ ︽ᠡᠮᠦᠨᠡᠬᠢ ᠬᠤᠭᠤᠴᠠᠭᠠᠨ ᠤ ᠠᠵᠢᠯ ᠢ ᠰᠢᠯᠢᠳᠡᠭᠵᠢᠭᠦᠯᠵᠦ︾᠂ ᠤᠷᠢᠳ ᠢᠶᠠᠷ ᠪᠦᠲᠦᠭᠡᠨ ᠪᠠᠶᠢᠭᠤᠯᠬᠤ ᠳᠠᠷᠠᠭᠠᠯᠠᠯ ᠢ ᠲᠣᠳᠣᠷᠬᠠᠶᠢᠯᠠᠨ᠂ ᠤᠷᠢᠳᠴᠢᠯᠠᠨ ᠲᠥᠰᠥᠪᠯᠡᠬᠦ ᠶᠢ ᠠᠬᠢᠭᠤᠯᠵᠤ᠂ ︽ᠤᠰᠤ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ︾᠎ ᠶᠢ ᠪᠠᠷᠢᠮᠲᠠᠯᠠᠵᠤ᠂ ᠵᠥᠪᠰᠢᠶᠡᠷᠡᠯ ᠢ ᠬᠢᠨᠠᠨ ᠵᠥᠪᠰᠢᠶᠡᠷᠡᠬᠦ ᠰᠠᠭᠠᠳ ᠦᠭᠡᠢ ᠨᠡᠪᠲᠡᠷᠡᠯ ᠢ ᠨᠡᠭᠡᠭᠡᠵᠦ᠂ ᠭᠠᠵᠠᠷ ᠰᠣᠩᠭᠤᠬᠤ‌ᠲᠥᠰᠥᠪᠯᠡᠯ ᠢ ᠲᠣᠰᠬᠤᠨ ᠤ ᠠᠷᠠᠳ ᠤᠨ ᠬᠤᠷᠠᠯ ᠢᠶᠠᠷ ᠬᠢᠨᠠᠨ ᠲᠣᠭᠲᠠᠭᠠᠯᠭᠠᠬᠤ ᠶᠢ ᠱᠠᠭᠠᠷᠳᠠᠨ᠎ᠠ᠃ ᠬᠤᠶᠠᠷ ᠲᠤ ᠳᠠᠭᠠᠭᠠᠴᠢᠯᠠᠯᠲᠠ ᠵᠠᠷᠯᠠᠬᠤ ᠶᠢ ᠠᠳᠬᠤᠬᠤ᠂ ᠲᠤᠬᠠᠶᠢᠯᠠᠪᠠᠯ ︽ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠵᠤ︾᠂ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠶᠢᠨ ᠬᠡᠰᠡᠭ ᠤᠨ ᠳᠣᠣᠷᠠᠳᠤ ᠬᠢᠵᠠᠭᠠᠷ ᠢ ᠲᠣᠳᠣᠷᠬᠠᠶᠢᠯᠠᠨ᠂ ᠡᠯᠧᠺᠲᠷᠣᠨ ᠳᠠᠭᠠᠭᠠᠴᠢᠯᠠᠯᠲᠠ ᠵᠠᠷᠯᠠᠬᠤ᠂ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠪᠠ ᠥᠯᠢᠭᠡᠷ ᠬᠡᠪ ᠠᠪᠴᠤ ᠳᠠᠭᠠᠭᠠᠴᠢᠯᠠᠯᠲᠠ ᠵᠠᠷᠯᠠᠬᠤ ᠶᠢ ᠬᠡᠷᠡᠭᠵᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠲᠤ ᠴᠣᠬᠢᠯᠲᠠ ᠥᠭᠭᠦᠨ᠎ᠡ᠃ ᠭᠤᠷᠪᠠ ᠳᠤ ᠰᠢᠯᠭᠠᠨ ᠠᠪᠬᠤ ᠶᠢ ᠠᠳᠬᠤᠬᠤ᠂ ᠲᠤᠬᠠᠶᠢᠯᠠᠪᠠᠯ ︽ᠰᠢᠯᠭᠠᠨ ᠠᠪᠴᠤ ᠬᠥᠮᠥᠷᠭᠡᠯᠡᠬᠦ ᠶᠢ ᠵᠢᠷᠤᠮᠵᠢᠭᠤᠯᠵᠤ︾᠂ ᠡᠯ᠎ᠡ ᠱᠠᠲᠤᠨ ᠤ ᠰᠢᠯᠭᠠᠨ ᠠᠪᠬᠤ ᠬᠠᠷᠢᠴᠠᠯ ᠢ ᠨᠡᠮᠡᠭᠳᠡᠭᠦᠯᠦᠨ᠂ ᠱᠠᠲᠤ ᠬᠤᠪᠢᠶᠠᠨ ᠵᠢᠷᠤᠭᠴᠢᠯᠠᠨ ᠬᠥᠮᠥᠷᠭᠡᠯᠡᠵᠦ᠂ ᠬᠢᠷᠢ ᠲᠡᠩᠴᠡᠬᠦ ᠦᠭᠡᠢ ᠶᠢ ᠨᠢ ᠬᠤᠰᠢᠭᠤ ᠰᠢᠶᠠᠨ ᠥᠪᠡᠷ ᠢᠶᠠᠨ ᠨᠥᠬᠦᠵᠦ ᠪᠠᠶᠢᠭᠤᠯᠤᠨ᠎ᠠ᠃ ᠳᠥᠷᠪᠡ ᠳᠤ ᠬᠠᠮᠢᠶᠠᠷᠴᠤ ᠬᠠᠮᠠᠭᠠᠯᠠᠬᠤ ᠶᠢ ᠠᠳᠬᠤᠬᠤ᠂ ᠲᠤᠬᠠᠶᠢᠯᠠᠪᠠᠯ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ ᠶᠢ ᠲᠣᠳᠣᠷᠬᠠᠶᠢᠯᠠᠵᠤ᠂ ︽ᠬᠡᠨ ᠬᠡᠷᠡᠭᠯᠡᠪᠡᠯ ᠬᠡᠨ ᠬᠠᠮᠢᠶᠠᠷᠴᠤ ᠬᠠᠮᠠᠭᠠᠯᠠᠨ︾᠂ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢ ᠣᠯᠠᠨ ᠬᠡᠯᠪᠡᠷᠢ ᠪᠠᠷ ᠴᠤᠭᠯᠠᠭᠤᠯᠵᠤ᠂ ᠬᠤᠳᠳᠤᠭ ᠤᠨ ᠳᠠᠷᠤᠭ᠎ᠠ ᠶᠢᠨ ᠳᠦᠷᠢᠮ᠂ ᠲᠠᠷᠢᠶᠠᠨ ᠭᠠᠵᠠᠷ ᠤᠨ ᠳᠠᠷᠤᠭ᠎ᠠ ᠶᠢᠨ ᠳᠦᠷᠢᠮ᠂ ᠴᠠᠬᠢᠯᠭᠠᠨ ᠬᠦᠴᠦᠨ ᠤ ᠪᠡᠯᠡᠳᠬᠡᠮᠵᠢ ᠶᠢ ᠲᠥᠪᠯᠡᠷᠡᠭᠦᠯᠦᠨ ᠬᠠᠮᠢᠶᠠᠷᠴᠤ ᠬᠠᠮᠠᠭᠠᠯᠠᠬᠤ ᠵᠡᠷᠭᠡ ᠬᠠᠮᠢᠶᠠᠷᠴᠤ ᠬᠠᠮᠠᠭᠠᠯᠠᠬᠤ ᠵᠠᠭᠪᠤᠷ ᠤᠳ ᠢ ᠳᠡᠯᠭᠡᠷᠡᠭᠦᠯᠦᠨ᠎ᠡ᠃      ︵ᠭᠤᠷᠪᠠ︶ ᠭᠤᠷᠪᠠᠨ ᠪᠠᠲᠤᠯᠠᠭ᠎ᠠ᠃ ᠨᠢᠭᠡ ᠳᠤ ᠪᠡᠯᠡ ᠮᠥᠩᠭᠦᠨ ᠤ ᠪᠠᠲᠤᠯᠠᠭ᠎ᠠ᠂ ᠳᠠᠷᠤᠢ ︽ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ︾᠂ ᠲᠥᠰᠥᠯ ᠤᠨ ᠪᠡᠯᠡ ᠣᠷᠣᠭᠤᠯᠤᠯᠲᠠ ᠶᠢ ︽ᠨᠢᠭᠡ ᠭᠠᠵᠠᠷ ᠢ ᠨᠢᠭᠡ ᠵᠥᠪᠯᠡᠵᠦ︾᠂ ᠠᠷᠭ᠎ᠠ ᠬᠡᠮᠵᠢᠶᠡᠨ ᠤ ᠲᠣᠬᠢᠷᠠᠭᠤᠯᠤᠯᠲᠠ ᠳᠤ ︽ᠶᠠᠭᠤ ᠳᠤᠲᠠᠪᠠᠯ ᠶᠠᠭᠤ ᠶᠢ ᠨᠥᠬᠦᠪᠦᠷᠢᠯᠡᠵᠦ︾᠂ ᠲᠤᠰᠠᠭᠠᠷ ᠵᠠᠷᠤᠳᠠᠯ ᠤᠨ ᠳᠡᠭᠡᠳᠦ ᠬᠢᠵᠠᠭᠠᠷ ᠢ ᠴᠢᠩᠭ᠎ᠠ ᠡᠵᠡᠮᠳᠡᠨ᠂ ᠠᠬᠢᠴᠠ ᠶᠢᠨ ᠶᠣᠰᠣᠭᠠᠷ ᠪᠠᠷᠢᠯᠭ᠎ᠠ ᠶᠢᠨ ᠵᠣᠭᠤᠰ ᠢ ᠱᠠᠲᠤ ᠬᠤᠪᠢᠶᠠᠨ ᠥᠭᠭᠦᠨ᠎ᠡ᠃ ᠬᠤᠶᠠᠷ ᠲᠤ ᠶᠠᠰᠤ ᠴᠢᠨᠠᠷ ᠤᠨ ᠪᠠᠲᠤᠯᠠᠭ᠎ᠠ᠂ ᠲᠤᠬᠠᠶᠢᠯᠠᠪᠠᠯ ︽ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠵᠤ︾᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠥᠪᠡᠷ ᠤᠨ ᠱᠠᠭᠠᠷᠳᠠᠯᠭ᠎ᠠ ᠪᠠ ᠣᠯᠠᠨ ᠲᠦᠮᠡᠨ ᠤ ᠬᠢᠨᠠᠯᠲᠠ ᠲᠠᠯᠪᠢᠯᠲᠠ ᠪᠠᠷ ᠳᠠᠮᠵᠢᠭᠤᠯᠤᠨ ︽ᠨᠢᠭᠡ ᠶᠢ ᠪᠠᠶᠢᠭᠤᠯᠪᠠᠯ ᠨᠢᠭᠡ ᠶᠢ ᠪᠦᠲᠦᠭᠡᠨ᠎ᠡ︾᠃ ᠭᠤᠷᠪᠠ ᠳᠤ ᠲᠣᠭᠲᠠᠴᠠ ᠶᠢᠨ ᠪᠠᠲᠤᠯᠠᠭ᠎ᠠ᠂ ᠲᠤᠬᠠᠶᠢᠯᠠᠪᠠᠯ ︽ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠵᠦ︾᠂ ᠲᠠᠷᠢᠶᠠᠨ ᠭᠠᠵᠠᠷ ᠲᠤ ᠴᠠᠬᠢᠯᠭᠠᠨ ᠬᠠᠩᠭᠠᠬᠤ ᠢᠨᠵᠧᠨᠧᠷᠢᠩ ᠤᠨ ︽ᠪᠠᠶᠢᠭᠤᠯᠬᠤ ᠬᠠᠮᠢᠶᠠᠷᠬᠤ ᠡᠵᠡᠩᠨᠡᠬᠦ︾᠎ ᠶᠢ ᠨᠢᠭᠡ ᠴᠣᠭᠴᠠᠵᠢᠭᠤᠯᠬᠤ ᠶᠢ ᠳᠡᠯᠭᠡᠷᠡᠭᠦᠯᠵᠦ᠂ ᠠᠵᠢᠯ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠦᠨ᠂ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠭᠦᠯᠵᠦ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠤᠨ ᠣᠯᠠᠰᠢᠷᠠᠬᠤ ᠶᠢ ᠠᠬᠢᠭᠤᠯᠤᠨ᠎ᠠ᠃      ︽ᠮᠡᠳᠡᠭᠳᠡᠯ︾᠎ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾᠎ ᠢ ᠵᠡᠷᠭᠡ ᠳᠤ ᠨᠢ ᠬᠦᠴᠦᠨ ᠦᠭᠡᠢ ᠪᠣᠯᠭᠠᠨ᠎ᠠ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号