ᠲᠦᠷᠦᠭᠦᠬᠡᠨ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ | ᠣᠶᠢᠯᠠᠭᠠᠭᠰᠠᠨ ᠢᠶᠠᠷ᠂ ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠠᠬᠢᠭᠤᠯᠵᠤ᠂ | ᠠᠷᠠᠳ ᠤᠯᠠᠨ ᠤ ᠡᠷᠡᠭᠦᠯ ᠮᠡᠨᠳᠤ ᠪᠣᠯᠣᠨ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠠᠴᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠪᠡᠯᠡ | ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠨᠡ ᠵᠢᠯ ᠨᠢᠭᠡᠨᠲᠡ ᠬᠤᠯᠪᠣᠭᠳᠠᠯ ᠪᠦᠬᠦᠢ | ᠨᠥᠬᠦᠪᠦᠷᠢ ᠮᠥᠩᠭᠦ ᠶᠢ 46.55 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠵᠠᠢ᠃ | ᠲᠤᠰ ᠤᠳᠠᠭ᠎ᠠ ᠨᠥᠬᠦᠪᠦᠷᠢ ᠪᠠᠭᠤᠯᠭᠠᠭᠰᠠᠨ ᠤ ᠳᠠᠷᠠᠭ᠎ᠠ᠂ ᠪᠦᠭᠦ ᠣᠷᠣᠨ ᠤ ᠦᠨᠳᠦᠰᠦᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠳᠤ ᠬᠡᠷᠡᠭᠯᠡᠬᠦ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ | ᠨᠥᠬᠦᠪᠦᠷᠢ ᠶᠢᠨ ᠪᠠᠷᠢᠮᠵᠢᠶ᠎ᠠ ᠶᠢ ᠳᠡᠭᠡᠷ᠎ᠡ ᠵᠢᠯ ᠤᠨ ᠬᠢ ᠠᠴᠠ 5 ᠲᠥᠭᠦᠷᠢᠭ ᠨᠡᠮᠡᠭᠳᠡᠭᠦᠯᠪᠡ᠂ ᠡᠨᠡ ᠨᠢ ᠮᠥᠨ ᠴᠦ ᠮᠠᠨ | ᠤ ᠣᠷᠣᠨ ᠤ ᠲᠣᠰ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠭᠰᠡᠨ ᠠᠷᠪᠠᠨ | ᠲᠠᠪᠤᠳᠠᠭᠢ ᠵᠢᠯ ᠪᠠᠶᠢᠵᠤ᠂ ᠪᠦᠭᠦ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠠᠳᠠᠯᠢ ᠲᠡᠭᠰᠢ ᠪᠤᠯᠭᠠᠬᠤ ᠶᠢ ᠠᠬᠢᠭᠤᠯᠵᠤ᠂ ᠮᠠᠨ ᠤ ᠣᠷᠣᠨ | ᠤ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠪᠠᠲᠤᠯᠠᠬᠤ᠂ ᠣᠨᠣᠪᠴᠢᠲᠠᠶ | ᠪᠠᠲᠤᠯᠠᠬᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤᠯᠠᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃ | 2019 ᠣᠨ ᠳᠤ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ | ᠮᠠᠨ ᠤ ᠣᠷᠣᠨ ᠲᠤᠬᠠᠢ ᠶᠢᠨ ᠵᠢᠯ ᠤᠨ 10 ᠰᠠᠷ᠎ᠠ ᠳᠤ ︽ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠶᠢᠨ | ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠶᠢᠨ ᠬᠠᠮᠲᠤ ︽ᠡᠷᠡᠭᠦᠯ ᠡᠩᠬᠡ ᠥᠪᠥᠷ ᠮᠣᠩᠭᠤᠯ ᠤᠨ | ᠠᠵᠢᠯᠯᠠᠭ᠎ᠠ ︵2020 ᠣᠨ - 2030 ᠣᠨ︶︾᠂ ︽︿ᠡᠷᠡᠭᠦᠯ ᠡᠩᠬᠡ ᠥᠪᠥᠷ ᠮᠣᠩᠭᠤᠯ 2030﹀ ᠶᠢᠨ ᠪᠦᠲᠦᠭᠡᠨ | ᠪᠠᠶᠢᠭᠤᠯᠤᠯᠲᠠ ᠶᠢᠨ ᠬᠥᠬᠡ ᠭᠠᠳᠠᠷᠲᠤ ᠪᠢᠴᠢᠭ︾ ᠢ ᠵᠠᠯᠭᠠᠭ᠎ᠠ ᠪᠠᠷ ᠳᠠᠷᠤᠮᠠᠯᠯᠠᠨ ᠲᠠᠷᠬᠠᠭᠠᠵᠤ᠂ ᠭᠠᠵᠠᠷ ᠣᠷᠣᠨ ᠤ | ᠪᠣᠳᠠᠲᠤ ᠪᠠᠶᠢᠳᠠᠯ ᠳᠠᠭᠠᠨ ᠲᠣᠬᠢᠷᠠᠭᠤᠯᠤᠨ ᠡᠷᠡᠭᠦᠯ ᠡᠩᠬᠡ ᠥᠪᠥᠷ ᠮᠣᠩᠭᠤᠯ ᠤᠨ ᠠᠵᠢᠯ ᠢ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠣᠯᠪᠠ᠃ | | | |