ᠳᠤᠮᠳᠠᠴᠢ ᠪᠠᠷ 72% ᠢᠶᠠᠷ ᠪᠠᠭᠤᠷᠠᠭᠤᠯᠪᠠ︕ 8 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/5/11
     5 ᠰᠠᠷ᠎ᠠ ᠶᠢᠨ 8 ᠤ ᠡᠳᠦᠷ᠂ ᠮᠠᠨ ᠤ ᠣᠷᠣᠨ ᠠᠴᠠ ᠥᠷᠨᠢᠭᠦᠯᠦᠭᠰᠡᠨ ᠴᠢᠰᠤ ᠵᠣᠭᠰᠤᠭᠠᠬᠤ ᠮᠠᠲ᠋ᠧᠷᠢᠶᠠᠯ ᠤᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠮᠤᠵᠢ ᠶᠢᠨ ᠬᠤᠭᠤᠷᠣᠨᠳᠣᠭᠢ ᠬᠤᠯᠪᠤᠭ᠎ᠠ ᠠᠴᠠ ᠬᠡᠮᠵᠢᠶ᠎ᠡ ᠲᠣᠭᠲᠠᠭᠠᠵᠤ ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠭᠤᠭᠳᠠᠭᠰᠠᠨ ᠦᠷ᠎ᠡ ᠳ᠋ᠦᠩ ᠢ ᠪᠣᠳᠠᠲᠠᠶᠢᠵᠢᠭᠤᠯᠤᠨ ᠬᠡᠷᠡᠭᠵᠢᠭᠦᠯᠬᠦ ᠪᠠᠷ ᠪᠠᠶᠢᠨ᠎ᠠ᠃ ᠰᠣᠩᠭᠤᠭᠳᠠᠭᠰᠠᠨ ᠦᠷ᠎ᠡ ᠳ᠋ᠦᠩ ᠢ ᠮᠠᠨ ᠤ ᠣᠷᠣᠨ ᠳᠤ ᠨᠠᠶᠢᠳᠠᠪᠤᠷᠢᠵᠢᠭᠤᠯᠤᠨ ᠬᠡᠷᠡᠭᠵᠢᠭᠦᠯᠦᠭᠰᠡᠨ ᠤ ᠳᠠᠷᠠᠭ᠎ᠠ᠂ ᠵᠢᠱᠢᠯᠲᠡ ᠪᠠᠷ 2400 ᠲᠦᠮᠡᠨ ᠲᠥᠭᠦᠷᠢᠭ ᠤᠨ ᠬᠤᠳᠠᠯᠳᠤᠨ ᠠᠪᠬᠤ ᠪᠡᠯᠡ ᠮᠥᠩᠭᠦ ᠶᠢ ᠠᠷᠪᠢᠯᠠᠵᠤ᠂ ᠬᠤᠳᠠᠯᠳᠤᠨ ᠠᠪᠬᠤ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠤᠨ᠂ ᠬᠤᠳᠠᠯᠳᠤᠨ ᠠᠪᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠪᠡᠳᠴᠢᠲᠡᠨ ᠤ ᠡᠪᠡᠳᠴᠢᠨ ᠦᠵᠡᠭᠦᠯᠭᠦ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠪᠣᠯᠣᠨ᠎ᠠ᠃      ᠲᠣᠰ ᠤᠳᠠᠭ᠎ᠠ ᠬᠡᠮᠵᠢᠶ᠎ᠡ ᠲᠣᠭᠲᠠᠭᠠᠵᠤ ᠲᠥᠪᠯᠡᠷᠡᠭᠦᠯᠦᠨ ᠬᠤᠳᠠᠯᠳᠤᠨ ᠠᠪᠬᠤ ᠳᠤ ᠨᠡᠶᠢᠲᠡ 41 ᠠᠵᠤ ᠠᠬᠤᠶᠢᠯᠠᠯ ᠰᠣᠩᠭᠤᠭᠳᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠳᠤ ᠦᠷᠭᠦᠯᠵᠢ ᠬᠡᠷᠡᠭᠯᠡᠳᠡᠭ ᠭᠤᠣᠯ ᠦᠢᠯᠡᠳᠬᠦᠨ ᠢ ᠬᠠᠮᠤᠷᠴᠤ᠂ ᠳᠤᠮᠳᠠᠴᠢ ᠪᠠᠷ 72% ᠢᠶᠠᠷ ᠪᠠᠭᠤᠷᠠᠵᠠᠢ᠃ ᠪᠡᠭᠡᠵᠢᠩ᠂ ᠵᠡᠭᠦᠨ ᠭᠤᠷᠪᠠᠨ ᠮᠤᠵᠢ ᠶᠢ ᠪᠠᠭᠲᠠᠭᠠᠭᠰᠠᠨ 15 ᠮᠤᠵᠢ ᠶᠢᠨ 2323 ᠡᠮᠴᠢᠯᠡᠭᠡᠨ ᠤ ᠪᠠᠶᠢᠭᠤᠯᠤᠮᠵᠢ ᠢᠳᠡᠪᠬᠢᠲᠡᠢ ᠣᠷᠣᠯᠴᠠᠵᠤ᠂ ᠮᠠᠨ ᠤ ᠣᠷᠣᠨ ᠤ ᠵᠣᠬᠢᠶᠠᠨ ᠪᠠᠶᠢᠭᠤᠯᠤᠭᠰᠠᠨ ᠮᠤᠵᠢ ᠶᠢᠨ ᠱᠠᠲᠤᠨ ᠤ ᠬᠤᠯᠪᠤᠭ᠎ᠠ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠬᠡᠮᠵᠢᠶ᠎ᠡ ᠲᠣᠭᠲᠠᠭᠠᠵᠤ ᠬᠤᠳᠠᠯᠳᠤᠨ ᠠᠪᠤᠭᠰᠠᠨ ᠬᠡᠪᠴᠢᠶ᠎ᠡ ᠪᠠᠷ ᠬᠠᠮᠤᠭ ᠤᠨ ᠶᠡᠭᠡ ᠨᠢᠭᠡ ᠤᠳᠠᠭ᠎ᠠ ᠪᠣᠯᠣᠨ᠎ᠠ᠃      ᠴᠢᠰᠤ ᠵᠣᠭᠰᠤᠭᠠᠬᠤ ᠮᠠᠲ᠋ᠧᠷᠢᠶᠠᠯ ᠢ ᠲᠠᠷᠢᠬᠢᠨ ᠤ ᠭᠠᠳᠠᠷ ᠡᠮᠨᠡᠯᠭᠡ᠂ ᠡᠯᠢᠭᠡ ᠰᠥᠰᠥᠨ ᠤ ᠭᠠᠳᠠᠷ ᠡᠮᠨᠡᠯᠭᠡ᠂  ᠰᠡᠭᠡᠷ ᠨᠢᠷᠤᠭᠤᠨ ᠤ ᠭᠠᠳᠠᠷ ᠡᠮᠨᠡᠯᠭᠡ ᠵᠡᠷᠭᠡ ᠭᠠᠳᠠᠷ ᠰᠠᠯᠠᠭᠠᠨ ᠤ ᠮᠡᠰᠡ ᠵᠠᠰᠠᠯ ᠳᠤ ᠥᠷᠭᠡᠨ ᠢᠶᠠᠷ ᠬᠡᠷᠡᠭᠯᠡᠬᠦ ᠶᠢᠨ ᠬᠠᠮᠲᠤ ᠪᠢᠴᠢᠯ ᠰᠢᠷᠬ᠎ᠠ ᠶᠢᠨ ᠮᠡᠰᠡ ᠵᠠᠰᠠᠯ ᠳᠤ ᠮᠡᠰᠡ ᠵᠠᠰᠠᠯ ᠤᠨ ᠦᠷ᠎ᠡ ᠳ᠋ᠦᠩ ᠢ ᠳᠡᠭᠡᠭᠰᠢᠯᠡᠭᠦᠯᠭᠦ ᠶᠢᠨ ᠲᠥᠯᠥᠭᠡ ᠪᠠᠰᠠ ᠥᠷᠭᠡᠨ ᠢᠶᠠᠷ ᠬᠡᠷᠡᠭᠯᠡᠳᠡᠭ᠃ ᠲᠥᠪᠯᠡᠷᠡᠭᠦᠯᠦᠨ ᠬᠤᠳᠠᠯᠳᠤᠨ ᠠᠪᠬᠤ ᠠᠴᠠ ᠡᠮᠦᠨ᠎ᠡ ᠪᠣᠰᠤᠭ᠎ᠠ ᠳᠥᠷᠪᠡᠯᠵᠢᠨ ᠰᠠᠨᠲ᠋ᠢᠮᠧᠲᠷ ᠪᠦᠷᠢ ᠶᠢᠨ ᠴᠠᠪᠠᠤᠯᠢᠭ ᠲᠦᠭᠦᠬᠡᠢ ᠬᠠᠶᠢᠮᠢᠶᠠᠨ ᠤ ᠬᠤᠳᠠᠯᠳᠤᠬᠤ ᠦᠨ᠎ᠡ ᠨᠢ 570 ᠲᠥᠭᠦᠷᠢᠭ ᠣᠷᠴᠢᠮ ᠪᠠᠶᠢᠵᠤ᠂ ᠲᠥᠪᠯᠡᠷᠡᠭᠦᠯᠦᠨ ᠬᠤᠳᠠᠯᠳᠤᠨ ᠠᠪᠤᠭᠰᠠᠨ ᠤ ᠳᠠᠷᠠᠭ᠎ᠠ 13 ᠲᠥᠭᠦᠷᠢᠭ ᠣᠷᠴᠢᠮ ᠪᠤᠯᠲᠠᠯ᠎ᠠ ᠪᠠᠭᠤᠷᠠᠵᠤ᠂ 97% ᠣᠷᠴᠢᠮ ᠪᠠᠭᠤᠷᠠᠪᠠ︔ ᠡᠮᠨᠡᠯᠭᠡ ᠶᠢᠨ ᠴᠠᠪᠠᠤ ᠲᠥᠪᠯᠡᠷᠡᠭᠦᠯᠦᠨ ᠬᠤᠳᠠᠯᠳᠤᠨ ᠠᠪᠬᠤ ᠠᠴᠠ ᠡᠮᠦᠨ᠎ᠡ 1800 ᠲᠥᠭᠦᠷᠢᠭ ᠣᠷᠴᠢᠮ ᠪᠠᠶᠢᠭᠰᠠᠨ ᠠᠴᠠ ᠪᠠᠨ ᠪᠠᠭᠤᠷᠠᠭᠠᠳ 145 ᠲᠥᠭᠦᠷᠢᠭ ᠪᠣᠯᠵᠤ᠂ ᠪᠠᠭᠤᠷᠠᠯᠲᠠ ᠶᠢᠨ ᠬᠡᠮᠵᠢᠶ᠎ᠡ ᠨᠢ 92% ᠲᠤ ᠬᠦᠷᠴᠦ᠂ ᠪᠠᠭᠤᠷᠠᠯᠲᠠ ᠶᠢᠨ ᠬᠡᠮᠵᠢᠶ᠎ᠡ ᠨᠢ ᠮᠠᠰᠢ ᠶᠡᠭᠡ ᠪᠠᠶᠢᠪᠠ᠃ ᠲᠦᠷᠦᠭᠦᠦ ᠵᠢᠯ ᠤᠨ ᠲᠤᠭ᠎ᠠ ᠪᠠᠷᠢᠮᠲᠠ ᠪᠠᠷ ᠲᠥᠰᠥᠭᠡᠯᠡᠨ ᠪᠤᠳᠤᠪᠠᠯ᠂ ᠪᠦᠭᠦ ᠬᠤᠯᠪᠤᠭ᠎ᠠ ᠵᠢᠱᠢᠯᠲᠡ ᠪᠠᠷ ᠵᠢᠯ ᠪᠦᠷᠢ 3.12 ᠳ᠋ᠦᠩᠰᠢᠭᠤᠷ ᠲᠥᠭᠦᠷᠢᠭ ᠤᠨ ᠬᠤᠳᠠᠯᠳᠤᠨ ᠠᠪᠬᠤ ᠪᠡᠯᠡ ᠮᠥᠩᠭᠦ ᠶᠢ ᠠᠷᠪᠢᠯᠠᠬᠤ ᠪᠣᠯᠣᠨ᠎ᠠ᠂ ᠲᠣᠰ ᠤᠳᠠᠭ᠎ᠠ ᠬᠡᠮᠵᠢᠶ᠎ᠡ ᠲᠣᠭᠲᠠᠭᠠᠵᠤ ᠲᠥᠪᠯᠡᠷᠡᠭᠦᠯᠦᠨ ᠬᠤᠳᠠᠯᠳᠤᠨ ᠠᠪᠬᠤ ᠨᠢ ᠡᠪᠡᠳᠴᠢᠲᠡᠨ ᠤ ᠳᠠᠷᠤᠭᠠᠰᠤ ᠶᠢ ᠶᠡᠭᠡ ᠪᠠᠷ ᠬᠥᠩᠭᠡᠷᠡᠭᠦᠯᠬᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号