︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠥᠷᠢᠴᠡᠯ ᠵᠠᠭᠤᠷᠠᠯᠳᠤᠭᠠᠨ ᠢ ᠤᠯᠠᠨ | ᠡᠰᠢᠵᠢᠭᠦᠯᠦᠨ ᠰᠢᠢᠳᠪᠦᠷᠢᠯᠡᠬᠦ ᠳᠦᠷᠢᠮ︾ ︵ᠳᠣᠷᠣᠭᠰᠢ ︽ᠳᠦᠷᠢᠮ︾ ᠭᠡᠵᠦ ᠳᠥᠭᠦᠮᠴᠢᠯᠡᠨ᠎ᠡ︶ ᠢ 5 ᠰᠠᠷ᠎ᠠ ᠶᠢᠨ 1 ᠤ | ᠡᠳᠦᠷ ᠠᠴᠠ ᠡᠬᠢᠯᠡᠵᠦ ᠵᠢᠩᠬᠢᠨᠢ ᠪᠠᠷ ᠬᠡᠷᠡᠭᠵᠢᠭᠦᠯᠪᠡ᠃ | ᠣᠶᠢᠯᠠᠭᠠᠭᠰᠠᠨ ᠢᠶᠠᠷ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠥᠭᠡᠷᠡᠴᠢᠯᠡᠯᠲᠡ ᠶᠢᠨ ᠲᠠᠰᠤᠷᠠᠯᠲᠠ | ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠳᠤ ᠭᠤᠣᠯ ᠴᠣᠭᠴᠠ ᠣᠯᠠᠨ | ᠡᠰᠢᠵᠢᠬᠦ᠂ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠪᠤᠳᠤᠯᠢᠶᠠᠨᠲᠠᠢ ᠪᠤᠯᠬᠤ᠂ ᠲᠥᠷᠥᠯ ᠭᠡᠯᠪᠡᠷᠢ ᠣᠯᠠᠨ ᠶᠠᠩᠵᠤ | ᠶᠢᠨ ᠪᠤᠯᠬᠤ ᠵᠡᠷᠭᠡ ᠣᠨᠴᠠᠯᠢᠭ ᠢᠯᠡᠷᠡᠵᠦ᠂ ᠵᠠᠭᠤᠷᠠᠯᠳᠤᠭᠠᠨ ᠢ ᠰᠢᠢᠳᠪᠦᠷᠢᠯᠡᠬᠦ ᠤᠤᠯ ᠤᠨ ᠠᠷᠭ᠎ᠠ ᠵᠠᠮ ᠨᠢ ᠨᠢᠭᠡᠨᠲᠡ | ᠠᠷᠠᠳ ᠣᠯᠠᠨ ᠤ ᠵᠠᠭᠤᠷᠠᠯᠳᠤᠭᠠᠨ ᠢ ᠰᠢᠢᠳᠪᠦᠷᠢᠯᠡᠬᠦ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ | ᠳᠡᠶᠢᠯᠭᠦ ᠦᠭᠡᠢ ᠪᠣᠯᠵᠠᠢ᠃ ᠲᠣᠰ ︽ᠳᠦᠷᠢᠮ︾ ᠢ ᠲᠣᠭᠲᠠᠭᠠᠵᠤ ᠨᠡᠶᠢᠲᠡᠯᠡᠭᠰᠡᠨ ᠨᠢ ᠮᠠᠨ ᠤ ᠣᠷᠣᠨ ᠤ ᠵᠥᠷᠢᠴᠡᠯ | ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠠᠵᠢᠯ ᠢ ᠵᠢᠷᠤᠮᠵᠢᠭᠤᠯᠤᠨ ᠠᠬᠢᠭᠤᠯᠬᠤ ᠳᠤ ᠬᠦᠴᠦᠲᠡᠢ | ᠬᠠᠤᠯᠢᠵᠢᠯ ᠤᠨ ᠪᠠᠲᠤᠯᠠᠭ᠎ᠠ ᠬᠠᠩᠭᠠᠪᠠ᠃ | ︽ᠳᠦᠷᠢᠮ︾ ᠳᠤ ᠶᠡᠷᠦᠩᠬᠡᠢ ᠳᠦᠷᠢᠮ᠂ ᠭᠤᠣᠯ ᠴᠣᠭᠴᠠ ᠶᠢᠨ ᠲᠤᠰᠢᠶᠠᠯ ᠬᠠᠷᠢᠭᠤᠴᠠᠯᠭ᠎ᠠ᠂ ᠡᠬᠢ | ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠣᠯᠠᠨ ᠡᠰᠢᠵᠢᠭᠦᠯᠦᠨ ᠰᠢᠢᠳᠪᠦᠷᠢᠯᠡᠬᠦ᠂ ᠪᠠᠲᠤᠯᠠᠭ᠎ᠠ ᠶᠢᠨ ᠠᠷᠭ᠎ᠠ | ᠬᠡᠮᠵᠢᠶ᠎ᠡ᠂ ᠬᠢᠨᠠᠯᠲᠠ ᠬᠠᠮᠢᠶᠠᠷᠤᠯᠲᠠ᠂ ᠳᠠᠭᠠᠯᠳᠤᠭᠤᠯᠤᠭᠰᠠᠨ ᠳᠦᠷᠢᠮ ᠵᠡᠷᠭᠡ ᠨᠡᠶᠢᠲᠡ 7 ᠪᠦᠯᠦᠭ 60 ᠵᠦᠢᠯ | ᠪᠠᠭᠲᠠᠵᠤ᠂ ᠭᠤᠣᠯᠳᠠᠭᠤ ᠠᠵᠢᠯ ᠤᠨ ᠲᠣᠭᠲᠠᠴᠠ ᠪᠠ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ᠂ | ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠪᠠᠷᠢᠮᠲᠠᠯᠠᠬᠤ᠂ ᠣᠯᠠᠨ ᠡᠰᠢᠵᠢᠭᠦᠯᠦᠨ ᠰᠢᠢᠳᠪᠦᠷᠢᠯᠡᠬᠦ ᠬᠠᠮᠲᠤᠷᠠᠯ | ᠬᠦᠴᠦᠨ ᠢ ᠪᠦᠷᠢᠯᠳᠦᠭᠦᠯᠬᠦ᠂ ᠪᠠᠲᠤᠯᠠᠭ᠎ᠠ ᠶᠢᠨ ᠳᠦᠷᠢᠮ ᠢ ᠲᠣᠭᠲᠠᠭᠠᠬᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ | ᠵᠡᠷᠭᠡ ᠲᠠᠯ᠎ᠠ ᠶᠢᠨ ᠠᠭᠤᠯᠭ᠎ᠠ ᠠᠴᠠ ᠲᠣᠭᠲᠠᠭᠠᠯ ᠭᠠᠷᠭᠠᠵᠠᠢ᠃ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ᠂ ᠪᠦᠭᠦ ᠣᠷᠣᠨ ᠤ ᠡᠯ᠎ᠡ ᠱᠠᠲᠤᠨ ᠤ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠪᠣᠯᠣᠨ | ᠠᠵᠢᠯ ᠲᠥᠷᠥᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠯᠦᠭᠡ ᠬᠠᠷᠢᠯᠴᠠᠭ᠎ᠠ ᠵᠤᠯᠭᠠᠯᠴᠠᠭ᠎ᠠ ᠪᠠᠨ | ᠢᠳᠡᠪᠬᠢᠲᠡᠢ ᠴᠢᠩᠭᠠᠳᠬᠠᠵᠤ᠂ ᠰᠤᠷᠤᠯᠴᠠᠵᠤ ᠤᠬᠠᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠤᠨ᠂ ︽ᠳᠦᠷᠢᠮ︾ | ᠤᠨ ᠲᠣᠭᠲᠠᠭᠠᠯ ᠢ ᠣᠨᠣᠪᠴᠢᠲᠠᠶ ᠡᠵᠡᠮᠰᠢᠵᠦ᠂ ︽ᠳᠦᠷᠢᠮ︾ ᠢ ᠦᠨᠡᠨ ᠬᠦ ᠰᠠᠶᠢᠲᠤᠷ ᠲᠤᠭᠤᠰᠢᠯᠠᠭᠤᠯᠤᠨ | ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ | | | |