ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠪᠠᠶᠢᠭᠤᠯᠬᠤ ᠪᠠᠷ — ᠬᠥᠬᠡᠬᠤᠲᠠ ᠶᠢᠨ  ᠬᠢᠨ ᠬᠥᠳᠡᠯᠦᠯᠴᠡᠵᠦ ᠪᠠᠶᠢᠨ᠎ᠠ
ᠨᠡᠶᠢᠲᠡᠯᠡᠭᠰᠡᠨ ᠴᠠᠭ᠄
2024/5/13
访谈051001.jpg
ᠵᠣᠴᠢᠨ᠄ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠲᠠᠨ ᠶᠢᠨ ᠯᠦᠩ      ᠬᠠᠮᠢᠶᠠᠷᠤᠭᠴᠢ᠄      ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠲᠠᠨ ᠶᠢᠨ ᠯᠦᠩ᠄      ᠥᠷᠯᠥᠭᠡ ᠶᠢᠨ ᠮᠡᠨᠳᠦ ᠬᠦᠷᠭᠡᠶ᠎ᠡ︕ ︽ᠰᠤᠷᠪᠤᠯᠵᠢᠯᠠᠭ᠎ᠠ︾ ᠨᠡᠪᠲᠡᠷᠡᠭᠦᠯᠭᠡ ᠳᠤ ᠣᠷᠣᠯᠴᠠᠵᠤ᠂ ᠣᠯᠠᠨ ᠲᠠᠢ ᠮᠠᠨ ᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠠᠵᠢᠯ ᠤᠨ ᠵᠠᠷᠢᠮ ᠪᠠᠶᠢᠳᠠᠯ ᠢ ᠰᠣᠯᠢᠯᠴᠠᠬᠤ ᠪᠣᠯᠣᠭᠰᠠᠨ ᠳᠠᠭᠠᠨ ᠶᠡᠭᠡ ᠪᠠᠶᠠᠷ ᠲᠠᠢ ᠪᠠᠶᠢᠨ᠎ᠠ᠃ ᠡᠨᠡᠬᠦ ᠵᠠᠪᠰᠢᠶᠠᠨ ᠢᠶᠠᠷ᠂ ᠮᠠᠨ ᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠦᠢᠯᠡᠰ ᠤᠨ ᠬᠥᠭᠵᠢᠯᠲᠡ ᠶᠢ ᠠᠩᠬᠠᠷᠴᠤ ᠳᠡᠮᠵᠢᠭᠰᠡᠭᠡᠷ ᠢᠷᠡᠭᠰᠡᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠦᠶ᠎ᠡ︕ ᠡᠭᠦᠨ ᠤ ᠬᠠᠮᠲᠤ ᠪᠢᠳᠠᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠶᠢ ᠪᠠᠶᠠᠷᠯᠠᠨ ᠤᠭᠲᠤᠶ᠎ᠠ᠃      ᠬᠥᠲᠥᠯᠥᠭᠴᠢ᠄      ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠢᠭᠡ ᠪᠣᠯᠣᠨ᠎ᠠ᠃ ᠨᠢᠳᠤᠨᠤᠨ᠂ ᠶᠡᠷᠦᠩᠬᠡᠢ ᠱᠦᠵᠢ ᠰᠢ ᠶᠢᠨ ᠫᠢᠩ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠳᠠᠭᠠᠨ ︽ᠨᠢᠭᠡ ᠪᠦᠰᠡ ᠨᠢᠭᠡ ᠵᠠᠮ︾ ᠢ ᠬᠠᠮᠲᠤᠪᠠᠷ ᠪᠦᠲᠦᠭᠡᠨ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠭᠠᠳᠠᠭᠰᠢ ᠨᠡᠭᠡᠭᠡᠯᠲᠡ ᠬᠢᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤᠮᠳᠠ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠳᠤᠷᠠᠳᠪᠠ᠃ ᠮᠠᠨ ᠤ ᠬᠤᠲᠠ ᠶᠢᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠳᠤᠮᠳᠠ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠢ ᠲᠠᠨᠢᠯᠴᠠᠭᠤᠯᠵᠤ ᠥᠭᠭᠦᠨ᠎ᠡ ᠤᠤ︖      ᠲᠠᠨ ᠶᠢᠨ ᠯᠦᠩ᠄      2023 ᠣᠨ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠬᠡᠷᠡᠭᠵᠢᠭᠦᠯᠬᠦ ᠠᠷᠭ᠎ᠠ︾ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ ᠬᠥᠭᠵᠢᠯᠲᠡ ᠶᠢᠨ ᠪᠣᠳᠠᠲᠠᠢ ᠪᠠᠶᠢᠳᠠᠯ ᠳᠤ ᠰᠠᠭᠤᠷᠢᠯᠠᠨ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃      ᠨᠢᠭᠡ ᠳᠤ᠂ ᠪᠣᠭᠤᠮᠲᠠ ᠶᠢᠨ ᠴᠢᠳᠠᠪᠤᠷᠢ ᠶᠢ ᠰᠢᠯᠢᠳᠡᠭᠵᠢᠭᠦᠯᠪᠡ᠃ ︽ᠬᠥᠬᠡᠬᠤᠲᠠ ᠶᠢᠨ ᠪᠣᠭᠤᠮᠲᠠ ᠶᠢᠨ ᠬᠥᠭᠵᠢᠯᠲᠡ ᠶᠢᠨ ᠲᠥᠯᠥᠪᠵᠢᠭᠦᠯᠭᠡ︾ ᠶᠢ ᠲᠣᠭᠲᠠᠭᠠᠵᠤ᠂ ︽2 + 3 + N︾ ᠪᠣᠭᠤᠮᠲᠠ ᠶᠢᠨ ᠬᠥᠭᠵᠢᠯᠲᠡ ᠶᠢᠨ ᠪᠠᠶᠢᠷᠢᠰᠢᠯ ᠢ ᠲᠣᠭᠲᠠᠭᠠᠪᠠ᠃ ᠰᠢᠨ᠎ᠡ ᠨᠢᠰᠬᠡᠯ ᠤᠨ ᠪᠠᠭᠤᠳᠠᠯ ᠤᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠭᠠᠷ ᠤᠨ ᠠᠶᠠᠯᠠᠯ ᠤᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠣᠯᠬᠤᠶᠢᠴᠠ ᠴᠢᠨᠠᠷ ᠢ ᠰᠤᠳᠤᠯᠬᠤ ᠠᠵᠢᠯ ᠢ ᠡᠬᠢᠯᠡᠭᠦᠯᠪᠡ᠃ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠳᠤ ᠬᠢᠯᠢ ᠪᠠᠷ ᠣᠷᠣᠬᠤ ᠬᠥᠯᠳᠡᠭᠦᠦ ᠰᠣᠷᠭᠤᠭ ᠤᠰᠤᠨ ᠭᠠᠷᠤᠯᠲᠠ ᠶᠢᠨ ᠪᠦᠲᠦᠭᠡᠭᠳᠡᠬᠦᠨ ᠢ ᠬᠢᠨᠠᠨ ᠬᠠᠮᠢᠶᠠᠷᠬᠤ ᠲᠣᠭᠲᠠᠭᠰᠠᠨ ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠪᠠ᠃ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠠᠭᠠᠷ ᠤᠨ ᠱᠤᠭᠤᠮ ᠨᠡᠮᠡᠬᠦ ︵ᠰᠡᠷᠭᠦᠭᠡᠬᠦ︶ ᠶᠢ ᠳᠡᠮᠵᠢᠵᠦ᠂ ᠬᠥᠬᠡᠬᠤᠲᠠ — ᠤᠯᠠᠭᠠᠨᠪᠠᠭᠠᠲᠤᠷ — ᠢᠰᠲ᠋ᠠᠨᠪᠦ᠋ᠯ ᠤᠨ ᠬᠤᠭᠤᠷᠣᠨᠳᠤᠬᠢ ᠣᠯᠠᠨ ᠤᠯᠤᠰ ᠤᠨ ᠪᠠᠷᠠᠭᠠᠨ ᠤ ᠳᠠᠭᠠᠭᠠᠴᠢᠯᠠᠭᠰᠠᠨ ᠨᠢᠰᠬᠡᠯ ᠤᠨ ᠠᠶᠠᠯᠠᠯ ᠤᠨ ᠱᠤᠭᠤᠮ ᠢ ᠠᠩᠬ᠎ᠠ ᠨᠡᠪᠲᠡᠷᠡᠭᠦᠯᠦᠭᠰᠡᠨ ᠪᠥᠭᠡᠳ ᠡᠬᠢᠯᠡᠨ ᠨᠢᠰᠴᠦ᠂ ᠠᠭᠠᠷ ᠤᠨ ᠭᠠᠷᠠᠮ ᠤᠨ ᠬᠦᠢᠰᠦ ᠶᠢᠨ ᠦᠢᠯᠡᠳᠦᠯ ᠢ ᠳᠡᠭᠡᠭᠰᠢᠯᠡᠭᠦᠯᠪᠡ᠃ ᠡᠭᠦᠨ ᠤ ᠬᠠᠮᠲᠤ᠂  ᠬᠥᠬᠡᠬᠤᠲᠠ ᠶᠢᠨ ᠣᠯᠠᠨ ᠤᠯᠤᠰ ᠤᠨ ᠬᠠᠭᠤᠷᠠᠢ ᠭᠠᠷᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠡᠯᠭᠡ ᠲᠡᠮᠳᠡᠭ ᠤᠨ ᠴᠢᠨᠠᠷ ᠲᠠᠢ ᠠᠴᠢ ᠬᠤᠯᠪᠣᠭᠳᠠᠯ ᠲᠠᠢ ᠬᠥᠬᠡᠬᠤᠲᠠ ᠶᠢᠨ ᠣᠯᠠᠨ ᠤᠯᠤᠰ ᠤᠨ ᠬᠠᠭᠤᠷᠠᠢ ᠭᠠᠷᠠᠮ ᠡᠯᠡᠰᠦᠨ ᠳᠠᠪᠠᠭ᠎ᠠ ᠪᠠ ᠲᠢᠶᠧ ᠲᠦᠩ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠠᠯᠠᠪᠤᠷ ᠢ ᠵᠢᠩᠬᠢᠨᠢ ᠪᠠᠷ  ᠠᠵᠢᠯᠯᠠᠭᠤᠯᠵᠤ᠂ ᠲᠣᠰ ᠭᠠᠵᠠᠷ ᠤᠨ ᠦᠢᠯᠡᠳᠬᠦᠨ ᠢᠶᠠᠨ ᠵᠠᠬᠢᠶᠠᠯᠠᠨ ᠲᠣᠭᠲᠠᠭᠠᠭᠰᠠᠨ ᠠᠩᠬᠠᠨ ᠤ  ᠵᠢᠰᠢᠶᠡᠨ ᠤ ᠭᠠᠯᠲᠤ ᠲᠡᠷᠭᠡ ᠶᠢ ᠨᠡᠪᠲᠡᠷᠡᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠤ ᠲᠡᠷᠭᠡ ᠶᠢᠨ ᠪᠤᠴᠠᠬᠤ ᠵᠠᠮ ᠢ ᠨᠡᠪᠲᠡᠷᠡᠭᠦᠯᠦᠨ᠂ 2023 ᠣᠨ ᠳᠤ ᠪᠥᠬᠦ ᠵᠢᠯ ᠳᠤ ᠵᠢᠰᠢᠶᠡᠨ ᠤ ᠭᠠᠯᠲᠤ ᠲᠡᠷᠭᠡ 50 ᠤᠳᠠᠭ᠎ᠠ ᠢᠷᠡᠵᠤ ᠶᠡᠪᠤᠨ᠂ ᠲᠤᠭ᠎ᠠ ᠬᠡᠮᠵᠢᠶ᠎ᠡ ᠨᠢ ᠳᠠᠬᠢᠨ ᠢᠶᠠᠷ ᠨᠡᠮᠡᠭᠳᠡᠪᠡ᠃          ᠬᠤᠶᠠᠷ ᠲᠤ᠂ ᠭᠠᠳᠠᠭᠠᠳᠤ ᠠᠷᠠᠯᠵᠢᠶ᠎ᠠ ᠶᠢᠨ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠪᠠ᠃ ᠬᠤᠰᠢᠭᠤ ᠰᠢᠶᠠᠨ ᠲᠣᠭᠤᠷᠢᠭ ᠤᠨ ᠭᠠᠳᠠᠭᠠᠳᠤ ᠠᠷᠠᠯᠵᠢᠶ᠎ᠠ ᠶᠢᠨ ᠳᠠᠭᠠᠭᠠᠵᠤ ᠪᠠᠲᠤᠯᠠᠬᠤ ᠦᠢᠯᠡᠴᠢᠯᠡᠭᠡᠨ ᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦ ᠵᠢᠯ ᠳᠤ ᠪᠣᠳᠠᠲᠠᠢ ᠦᠷ᠎ᠡ ᠠᠰᠢᠭ ᠲᠠᠢ ᠭᠠᠳᠠᠭᠠᠳᠤ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ 100 ᠭᠠᠷᠤᠢ ᠨᠡᠮᠡᠭᠳᠡᠵᠦ᠂ ᠠᠳᠠᠯᠢ ᠬᠤᠭᠤᠴᠠᠭᠠᠨ ᠤ  ᠬᠢ ᠠᠴᠠ 30% ᠪᠠᠷ ᠨᠡᠮᠡᠭᠳᠡᠪᠡ᠃    ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠷᠰᠢᠯᠲᠠ ᠶᠢᠨ ᠴᠢᠭ ᠪᠣᠯᠬᠤ ᠬᠤᠲᠠ ᠳᠤ ᠲᠦᠰᠢᠭᠯᠡᠨ᠂ ᠭᠠᠷ ᠳᠠᠮᠵᠢᠭᠰᠠᠨ ᠮᠠᠰᠢᠨ ᠲᠡᠷᠭᠡ ᠶᠢ ᠣᠷᠣᠰ᠂ ᠮᠣᠩᠭᠤᠯ ᠵᠡᠷᠭᠡ ᠤᠯᠤᠰ ᠪᠠ ᠭᠠᠵᠠᠷ ᠣᠷᠣᠨ ᠳᠤ ᠭᠠᠷᠭᠠᠬᠤ ᠵᠠᠮ ᠮᠥᠷ ᠢ ᠥᠷᠭᠡᠳᠬᠡᠵᠦ᠂ ᠪᠦᠬᠦ ᠵᠢᠯ ᠳᠤ 1577 ᠰᠠᠤᠷᠢ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠵᠤ᠂ ᠠᠷᠠᠯᠵᠢᠶ᠎ᠠ ᠶᠢᠨ ᠲᠤᠭ᠎ᠠ ᠭᠡᠮᠵᠢᠶ᠎ᠡ ᠨᠢ 1.53 ᠳ᠋ᠦᠩᠰᠢᠭᠤᠷ ᠲᠥᠭᠦᠷᠢᠭ ᠬᠦᠷᠪᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠭᠠᠳᠠᠭᠠᠳᠤ ᠠᠷᠠᠯᠵᠢᠶᠠᠨ ᠤ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢᠨ ᠭᠠᠵᠠᠷ 2 ᠰᠠᠭᠤᠷᠢᠨ ᠭᠠᠵᠠᠷ ᠪᠠ ᠹᠦ᠋ ᠹᠧᠩ᠂ ᠢᠯᠢ ᠵᠡᠷᠭᠡ 14 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠰᠠᠭᠤᠷᠢᠨ ᠭᠠᠵᠠᠷ᠂ ᠠᠵᠤ ᠠᠬᠤᠶᠢᠯᠠᠯ ᠢᠶᠠᠷ ᠦᠨᠡᠯᠡᠭᠳᠡᠪᠡ ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠵᠥᠭᠡᠯᠡᠨ ᠬᠠᠲᠠᠭᠤ ᠬᠡᠷᠡᠭᠰᠡᠯ ᠲᠤᠨᠤᠭ ᠤᠨ ᠪᠡᠯᠡᠳᠬᠡᠮᠵᠢ ᠲᠠᠰᠤᠷᠠᠯᠲᠠ ᠤᠢᠭᠡᠢ ᠲᠡᠭᠦᠯᠳᠡᠷᠵᠢᠵᠦ᠂ ᠡᠯᠧᠺᠲᠷᠣᠨ ᠬᠤᠳᠠᠯᠳᠤᠭᠠᠨ ᠤ ᠭᠤᠤᠯ ᠴᠣᠭᠴᠠ ᠤᠯᠠᠮ ᠨᠢᠭᠡ ᠠᠯᠬᠤᠮ ᠨᠡᠮᠡᠭᠳᠡᠵᠦ᠂ ᠠᠷᠠᠯᠵᠢᠶᠠᠨ ᠤ ᠲᠤᠭ᠎ᠠ ᠭᠡᠮᠵᠢᠶ᠎ᠡ ᠨᠢ ᠠᠩᠬ᠎ᠠ ᠤᠳᠠᠭ᠎ᠠ 20 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠪᠠ᠃        ᠭᠤᠷᠪᠠ ᠳᠤ᠂ ᠠᠵᠤ ᠠᠬᠤᠢ ᠠᠷᠠᠯᠵᠢᠶᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ ᠳᠤᠮᠳᠠᠳᠤ ᠮᠣᠩᠭᠤᠯ ᠤᠨ ᠦᠵᠡᠰᠬᠦᠯᠡᠩ ᠤᠨ ᠬᠤᠳᠠᠯᠳᠤᠭ᠎ᠠ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠭᠡᠷ ᠤᠨ ᠬᠤᠷᠠᠯ ᠳᠤ ᠢᠳᠡᠪᠬᠢᠲᠡᠢ ᠣᠷᠣᠯᠴᠠᠨ᠂ 15 ᠲᠥᠷᠥᠯ ᠵᠦᠢᠯ ᠭᠡᠷ᠎ᠡ ᠲᠣᠭᠲᠠᠵᠤ᠂ ᠪᠡᠯᠡ ᠣᠷᠣᠭᠤᠯᠤᠯᠲᠠ 640.4 ᠳ᠋ᠦᠩᠰᠢᠭᠤᠷ ᠲᠥᠭᠦᠷᠢᠭ ᠬᠦᠷᠴᠦ᠂ ᠪᠦᠬᠦ ᠣᠷᠣᠨ ᠳᠤ ᠲᠡᠷᠢᠭᠦᠯᠡᠪᠡ᠃ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ︽ᠬᠢᠯᠢ ᠠᠯᠤᠰᠯᠠᠭᠰᠠᠨ ᠺᠣᠮᠫᠠᠨᠢ ᠶᠢᠨ ᠥᠪᠥᠷ ᠮᠣᠩᠭᠤᠯ ᠳᠠᠬᠢ ᠠᠶᠠᠯᠠᠯ︾᠂ ᠮᠣᠩᠭᠤᠯ ᠤᠯᠤᠰ ᠳᠤᠮᠳᠠᠳᠤ ᠤᠯᠤᠰ ᠤᠨ ᠲᠠᠸᠠᠷ ᠤᠨ ᠦᠵᠡᠰᠬᠦᠯᠡᠩ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ ᠬᠡᠷᠡᠭᠯᠡᠭᠡᠨ ᠤ ᠲᠠᠸᠠᠷ ᠤᠨ ᠦᠵᠡᠰᠬᠦᠯᠡᠩ᠂ ᠪᠡᠯᠡ ᠣᠷᠣᠭᠤᠯᠤᠯᠲᠠ ᠶᠢᠨ ᠵᠥᠪᠳᠡᠯᠴᠡᠭᠡᠷ ᠤᠨ ᠴᠤᠭᠯᠠᠭᠠᠨ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠵᠡᠷᠭᠡ ᠴᠢᠬᠤᠯᠠ ᠬᠤᠷᠠᠯ ᠦᠵᠡᠰᠬᠦᠯᠡᠩ ᠳᠤ ᠣᠷᠣᠯᠴᠠᠵᠤ᠂ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠪᠡ᠃ ᠠᠩᠬᠠᠳᠠᠭᠴᠢ ᠪᠦᠯᠦᠭ ᠥᠪᠡᠷᠲᠡᠭᠡᠨ ᠵᠠᠰᠠᠬᠤ ᠣᠷᠣᠨ ᠤ ᠲᠡᠰ ᠤᠨ ᠦᠢᠯᠡᠴᠢᠯᠡᠭᠡ ᠳᠠᠭᠠᠭᠠᠴᠢᠯᠠᠭᠤᠯᠬᠤ ᠵᠢᠱᠢᠶ᠎ᠡ ᠦᠵᠡᠭᠦᠯᠬᠦ ᠬᠤᠲᠠ ᠪᠠᠷ ᠰᠣᠩᠭᠤᠭᠳᠠᠵᠤ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ︽ᠤᠯᠤᠰ ᠤᠨ ᠲᠡᠰ ᠤᠨ ᠦᠢᠯᠡᠴᠢᠯᠡᠭᠡᠨ ᠤ ᠠᠷᠠᠯᠵᠢᠶ᠎ᠠ ᠶᠢᠨ ᠲᠠᠪᠴᠠᠩ︾ ᠢᠶᠠᠷ ᠦᠨᠡᠯᠡᠭᠳᠡᠵᠦ᠂ ᠤᠯᠤᠰ ᠤᠨ ᠣᠨᠴᠠᠯᠢᠭᠲᠤ ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠰᠠᠭᠤᠷᠢᠨ       ︵ᠬᠢᠲᠠᠳ ᠡᠮ ᠡᠮᠨᠡᠯᠭᠡ︶ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃      ᠳᠥᠷᠪᠡ ᠳᠤ᠂ ᠪᠡᠯᠡ ᠣᠷᠣᠭᠤᠯᠤᠯᠲᠠ ᠶᠢᠨ ᠦᠢᠯᠡᠴᠢᠯᠡᠭᠡ ᠶᠢ ᠲᠡᠭᠦᠯᠳᠡᠷᠵᠢᠭᠦᠯᠪᠡ᠃ ︽ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠬᠠᠯᠠᠮᠰᠢᠯ ᠬᠤᠲᠠ︾ ᠶᠢᠨ ᠢᠷᠠᠭᠤ ᠠᠯᠳᠠᠷ ᠢ ᠣᠯᠣᠭᠰᠠᠨ ᠠᠵᠠ ᠲᠣᠬᠢᠶᠠᠯ ᠢᠶᠠᠷ᠂ ᠰᠠᠨᠠᠭᠠᠴᠢᠯᠠᠭ᠎ᠠ ᠲᠠᠢ ᠤᠷᠢᠳᠴᠢᠯᠠᠨ ᠦᠢᠯᠡᠴᠢᠯᠡᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠭᠤᠢ ᠰᠢᠷᠡᠭᠡᠨ ᠤ ᠬᠤᠷᠠᠯ ᠵᠡᠷᠭᠡ ᠲᠣᠭᠲᠠᠴᠠ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠪᠠ᠃      ᠬᠥᠲᠥᠯᠥᠭᠴᠢ᠄      ᠡᠨᠡ ᠵᠢᠯ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠶᠢᠨ ᠲᠣᠭᠤᠷᠢᠨ ᠳᠤ᠂ ︽ᠨᠢᠭᠡ ᠪᠦᠰᠡ ᠨᠢᠭᠡ ᠵᠠᠮ︾ ᠢ ᠬᠠᠮᠲᠤᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠬᠤ ᠲᠠᠯ᠎ᠠ ᠪᠠᠷ ᠶᠠᠮᠠᠷ ᠶᠠᠮᠠᠷ ᠭᠤᠣᠯᠳᠠᠯᠭ᠎ᠠ ᠲᠠᠢ ᠠᠵᠢᠯ ᠤᠨ ᠠᠷᠭ᠎ᠠ ᠬᠡᠮᠵᠢᠶ᠎ᠡ ᠠᠪᠬᠤ ᠪᠤᠢ︖
访谈051002.jpg
     ᠲᠠᠨ ᠶᠢᠨ ᠯᠦᠩ᠄      ᠡᠨᠡ ᠵᠢᠯ ᠪᠢᠳᠠᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠣᠨ ᠤ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ ᠢ ᠭᠦᠨᠵᠡᠭᠡᠢ ᠲᠦᠯᠬᠢᠨ ᠠᠬᠢᠭᠤᠯᠵᠤ᠂ ᠮᠠᠨ ᠤ ᠬᠤᠲᠠ ᠶᠢᠨ ᠭᠠᠳᠠᠭᠰᠢ ᠨᠡᠭᠡᠭᠡᠯᠲᠡ ᠬᠢᠵᠦ ᠬᠥᠭᠵᠢᠬᠦ ᠶᠡᠷᠦᠩᠬᠡᠢ ᠨᠡᠶᠢᠯᠡᠯ ᠬᠦᠴᠦᠨ ᠢ ᠦᠷᠭᠦᠯᠵᠢᠯᠡᠨ ᠴᠢᠩᠭᠠᠳᠬᠠᠵᠤ᠂ ᠥᠨᠳᠥᠷ ᠬᠢᠷᠢ ᠲᠦᠪᠰᠢᠨ ᠲᠠᠢ᠂ ᠭᠦᠨ ᠲᠡᠰ ᠳᠠᠪᠬᠤᠷᠭ᠎ᠠ ᠶᠢᠨ ᠣᠷᠣᠨ ᠤ ᠲᠥᠪ ᠬᠤᠲᠠ ᠶᠢᠨ ᠭᠠᠳᠠᠭᠰᠢ ᠨᠡᠭᠡᠭᠡᠯᠲᠡ ᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠷᠮᠠᠶᠢᠨ ᠪᠤᠢ ᠪᠣᠯᠭᠠᠨ᠎ᠠ᠃      ᠨᠢᠭᠡ ᠳᠤ᠂ ᠠᠭᠠᠷ ᠤᠨ ᠭᠠᠷᠠᠮ ᠪᠠ ᠣᠯᠠᠨ ᠤᠯᠤᠰ ᠤᠨ ᠬᠠᠭᠤᠷᠠᠢ ᠶᠢᠨ ᠭᠠᠷᠠᠮ ᠤᠨ ᠪᠦᠲᠦᠭᠡᠨ ᠪᠠᠶᠢᠭᠤᠯᠤᠯᠲᠠ ᠶᠢ ᠥᠨᠳᠥᠷ ᠬᠢᠷᠢ ᠲᠦᠪᠰᠢᠨ ᠲᠠᠢ ᠠᠬᠢᠭᠤᠯᠤᠨ᠎ᠠ᠃ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠠᠭᠠᠷ ᠤᠨ ᠠᠶᠠᠯᠠᠯ ᠤᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠣᠭᠲᠠᠭᠰᠠᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ︵ᠬᠢᠯᠢ ᠪᠠᠷ ᠣᠷᠣᠬᠤ ᠬᠥᠯᠳᠡᠭᠦᠦ ᠰᠣᠷᠭᠤᠭ ᠤᠰᠤᠨ ᠤ ᠭᠠᠷᠤᠯᠲᠠ᠂ ᠵᠢᠮᠢᠰ ᠵᠡᠷᠭᠡ︶ ᠤᠨ ᠦᠢᠯᠡᠴᠢᠯᠡᠭᠡᠨ ᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠤᠷᠢᠳᠴᠢᠯᠠᠨ ᠲᠥᠯᠥᠪᠯᠡᠨ᠎ᠡ᠃ ᠡᠯᠡᠰᠦᠨ ᠳᠠᠪᠠᠭ᠎ᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠪᠣᠭᠤᠮᠲᠠ ᠶᠢᠨ ᠠᠵᠢᠯᠯᠠᠬᠤ ᠭᠠᠵᠠᠷ ᠤᠨ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠰᠢᠨ᠎ᠡ ᠬᠦᠢᠰᠦ ᠶᠢ ᠪᠠᠶᠢᠭᠤᠯᠤᠨ᠎ᠠ᠃        ᠬᠤᠶᠠᠷ ᠲᠤ᠂ ᠭᠠᠳᠠᠭᠠᠳᠤ ᠠᠷᠠᠯᠵᠢᠶ᠎ᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠳᠠᠭᠠᠭᠠᠵᠤ ᠪᠠᠲᠤᠯᠠᠬᠤ ᠦᠢᠯᠡᠴᠢᠯᠡᠭᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠭᠠᠳᠠᠭᠠᠳᠤ ᠠᠷᠠᠯᠵᠢᠶ᠎ᠠ ᠶᠢᠨ ᠬᠡᠪᠴᠢᠶ᠎ᠡ ᠶᠢ ᠲᠣᠭᠲᠠᠪᠤᠷᠢᠵᠢᠭᠤᠯᠤᠨ ᠪᠦᠲᠦᠴᠡ ᠶᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠨ᠎ᠠ᠃ ᠭᠠᠷ ᠳᠠᠮᠵᠢᠭᠰᠠᠨ ᠮᠠᠰᠢᠨ ᠲᠡᠷᠭᠡ ᠶᠢᠨ ᠲᠤᠷᠰᠢᠯᠲᠠ ᠶᠢᠨ ᠠᠵᠢᠯ ᠢ ᠪᠦᠬᠦ ᠲᠠᠯ᠎ᠠ ᠪᠠᠷ ᠴᠢᠯᠦᠭᠡᠲᠡᠢ ᠪᠣᠯᠭᠠᠬᠤ ᠲᠥᠷᠥ ᠶᠢᠨ ᠪᠣᠳᠣᠯᠭ᠎ᠠ ᠶᠢ ᠠᠰᠢᠭᠯᠠᠨ᠂ ᠣᠷᠣᠰ ᠮᠣᠩᠭᠤᠯ ᠤᠨ ᠵᠠᠬ᠎ᠠ ᠳᠡᠯᠭᠡᠭᠦᠷ ᠲᠤ ᠰᠠᠭᠤᠷᠢᠯᠠᠨ᠂ ᠭᠠᠷ ᠳᠠᠮᠵᠢᠭᠰᠠᠨ ᠮᠠᠰᠢᠨ ᠲᠡᠷᠭᠡ ᠪᠠ ᠭᠠᠷ ᠳᠠᠮᠵᠢᠭᠰᠠᠨ ᠪᠠᠷᠢᠯᠭ᠎ᠠ ᠶᠢᠨ ᠮᠠᠰᠢᠨ ᠢ ᠭᠠᠳᠠᠭᠠᠳᠤ ᠳᠤ ᠭᠠᠷᠭᠠᠬᠤ ᠬᠡᠪᠴᠢᠶ᠎ᠡ ᠶᠢ ᠥᠷᠭᠡᠳᠬᠡᠨ᠎ᠡ᠃ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢ ᠢᠳᠡᠪᠬᠢᠲᠡᠢ ᠬᠥᠮᠥᠵᠢᠭᠦᠯᠵᠦ᠂ ᠠᠵᠤ ᠠᠬᠤᠶᠢᠯᠠᠯ ᠤᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ ᠭᠠᠵᠠᠷ ᠣᠷᠣᠨ ᠳᠤ ᠭᠠᠳᠠᠭᠠᠳᠤ ᠳᠠᠬᠢ ᠬᠥᠮᠥᠷᠭᠡ ᠪᠠᠶᠢᠭᠤᠯᠬᠤ ᠶᠢ ᠵᠣᠷᠢᠭᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠪᠣᠯᠣᠨ ᠬᠠᠮᠢᠶ᠎ᠠ ᠪᠦᠬᠦᠢ ᠤᠯᠤᠰ ᠭᠠᠵᠠᠷ ᠣᠷᠣᠨ  ᠯᠤᠭ᠎ᠠ ᠶᠢᠨ ᠭᠠᠳᠠᠭᠠᠳᠤ ᠠᠷᠠᠯᠵᠢᠶᠠᠨ ᠤ ᠠᠵᠢᠯᠯᠠᠭ᠎ᠠ ᠳᠤ ᠬᠥᠭᠦᠷᠭᠡ ᠪᠣᠰᠬᠠᠨ᠎ᠠ᠃      ᠭᠤᠷᠪᠠ ᠳᠤ᠂ ᠠᠵᠤ ᠠᠬᠤᠢ ᠠᠷᠠᠯᠵᠢᠶᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ︽ᠨᠢᠭᠡ ᠪᠦᠰᠡ ᠨᠢᠭᠡ ᠵᠠᠮ︾ ᠢ ᠬᠠᠮᠲᠤᠷᠠᠨ ᠴᠢᠨᠠᠷ ᠰᠠᠶᠢᠲᠠᠢ ᠪᠠᠶᠢᠭᠤᠯᠬᠤ ᠨᠠᠢᠮᠠᠨ ᠵᠦᠢᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠰᠦᠨ ᠱᠣᠣ ᠴᠧᠩ ᠱᠦᠵᠢ ᠮᠣᠩᠭᠤᠯ ᠤᠯᠤᠰ ᠲᠤ ᠠᠶᠢᠯᠴᠢᠯᠠᠨ ᠰᠤᠷᠪᠤᠯᠵᠢᠯᠠᠭᠰᠠᠨ ᠴᠢᠬᠤᠯᠠ ᠦᠷ᠎ᠡ ᠪᠦᠲᠦᠭᠡᠯ ᠢ ᠭᠦᠨᠵᠡᠭᠡᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ       ︽ᠮᠣᠩᠭᠤᠯ ᠤᠨ ᠬᠤᠳᠠᠯᠳᠤᠭᠠᠴᠢᠨ ᠤ ᠲᠣᠷᠭᠠᠨ ᠵᠠᠮ ᠤᠨ ᠠᠶᠠᠨ︾ ᠠᠵᠤ ᠠᠬᠤᠢ ᠠᠷᠠᠯᠵᠢᠶᠠᠨ ᠤ ᠦᠵᠡᠰᠬᠦᠯᠡᠩ ᠵᠥᠪᠳᠡᠯᠴᠡᠭᠡᠷ ᠤᠨ ᠰᠢᠷᠢᠰ ᠠᠵᠢᠯᠯᠠᠭ᠎ᠠ ᠳᠤ ᠣᠷᠣᠯᠴᠠᠭᠤᠯᠤᠨ᠂ ᠨᠥᠬᠦᠷᠰᠡᠭ ᠰᠣᠯᠢᠯᠴᠠᠭ᠎ᠠ ᠲᠠᠢ ᠭᠠᠵᠠᠷ ᠣᠷᠣᠨ ᠤ ᠠᠵᠤ ᠠᠬᠤᠢ ᠠᠷᠠᠯᠵᠢᠶᠠᠨ ᠤ ᠬᠦᠷᠢᠶᠡᠨ ᠳᠠᠬᠢ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠥᠷᠭᠡᠳᠬᠡᠨ᠎ᠡ᠃      ᠳᠥᠷᠪᠡ ᠳᠤ᠂ ᠬᠤᠣᠰ ᠵᠦᠭ ᠲᠤ ᠪᠡᠯᠡ ᠣᠷᠣᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃  ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠥᠪᠰᠢᠶᠡᠷᠡᠬᠦ ᠠᠴᠠ ᠡᠮᠦᠨᠡᠬᠢ ᠤᠯᠤᠰ ᠠᠷᠠᠳ ᠤᠨ ᠬᠠᠷᠠᠭᠠᠯᠵᠠᠯ ᠪᠠ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠯᠡ ᠣᠷᠣᠭᠤᠯᠵᠤ ᠢᠷᠡᠭᠰᠡᠨ ᠡᠬᠢ ᠭᠠᠵᠠᠷ ᠢ ᠥᠷᠭᠡᠳᠬᠡᠨ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠭᠤᠢ ᠰᠢᠷᠡᠭᠡᠨ ᠤ ᠬᠤᠷᠠᠯ ᠤᠨ ᠬᠤᠷᠠᠯ ᠤᠨ ᠳᠦᠷᠢᠮ ᠤᠨ ᠦᠢᠯᠡᠳᠦᠯ ᠢ ᠪᠠᠳᠠᠷᠠᠭᠤᠯᠵᠤ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠵᠤ ᠦᠢᠯᠡᠴᠢᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠠᠵᠤ ᠠᠬᠤᠶᠢᠯᠠᠯ ᠪᠠ ᠬᠢᠯᠢ ᠶᠢᠨ ᠭᠠᠳᠠᠨᠠᠬᠢ ᠪᠡᠯᠡ ᠣᠷᠣᠭᠤᠯᠬᠤ ᠠᠵᠤ ᠠᠬᠤᠶᠢᠯᠠᠯ ᠤᠨ ᠪᠡᠯᠡ ᠣᠷᠣᠭᠤᠯᠬᠤ ᠠᠵᠠ ᠲᠣᠬᠢᠶᠠᠯ ᠪᠠ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠨᠢᠯᠴᠠᠭᠤᠯᠬᠤ ᠶᠢ ᠦᠷᠭᠦᠯᠵᠢᠯᠡᠨ ᠴᠢᠩᠭᠠᠳᠬᠠᠨ᠎ᠠ᠃ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ ᠭᠠᠵᠠᠷ ᠣᠷᠣᠨ ᠤ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠲᠥᠷᠥᠯ ᠵᠦᠢᠯ ᠢ ᠪᠠᠶᠢᠭᠤᠯᠵᠤ ᠳᠠᠭᠤᠰᠬᠠᠨ ᠬᠡᠷᠡᠭᠵᠢᠭᠦᠯᠬᠦ ᠶᠢ ᠬᠦᠴᠦᠯᠡᠨ ᠠᠬᠢᠭᠤᠯᠤᠨ᠎ᠠ᠃      ᠬᠥᠲᠥᠯᠥᠭᠴᠢ᠄      ᠰᠢᠨ᠎ᠡ ᠶᠢ ᠡᠭᠦᠳᠬᠦ ᠪᠣᠯ ᠬᠥᠭᠵᠢᠯᠲᠡ ᠶᠢ ᠵᠢᠯᠣᠭᠤᠳᠬᠤ ᠨᠢᠭᠡᠳᠦᠭᠡᠷ ᠬᠥᠳᠡᠯᠭᠡᠬᠦ ᠬᠦᠴᠦᠨ ᠮᠥᠨ᠃ ᠭᠠᠳᠠᠭᠠᠳᠤ ᠠᠷᠠᠯᠵᠢᠶ᠎ᠠ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠪᠣᠯ ᠭᠠᠳᠠᠭᠠᠳᠤ ᠠᠷᠠᠯᠵᠢᠶ᠎ᠠ ᠰᠢᠨ᠎ᠡ ᠬᠥᠭᠵᠢᠯᠲᠡ ᠶᠢᠨ ᠱᠠᠲᠤ ᠦᠶ᠎ᠡ ᠳᠤ ᠣᠷᠣᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠰᠢᠨ᠎ᠡ ᠶᠢ ᠡᠭᠦᠳᠦᠭᠰᠡᠨ ᠦᠢᠯᠡᠳᠦᠯᠭᠡ ᠮᠥᠨ᠂ ᠭᠠᠳᠠᠭᠠᠳᠤ ᠠᠷᠠᠯᠵᠢᠶ᠎ᠠ ᠶᠢᠨ ᠠᠮᠢᠳᠤ ᠬᠦᠴᠦᠨ ᠮᠥᠨ᠃ ᠮᠠᠨ ᠤ ᠬᠤᠲᠠ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠳᠤ ᠭᠠᠷᠭᠠᠵᠤ ᠭᠠᠳᠠᠭᠠᠳᠤ ᠠᠴᠠ ᠣᠷᠣᠭᠤᠯᠬᠤ ᠲᠠᠯ᠎ᠠ ᠪᠠᠷ ᠶᠠᠮᠠᠷ ᠶᠠᠮᠠᠷ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠬᠥᠳᠡᠯᠭᠡᠬᠦ ᠬᠦᠴᠦᠨ ᠢ ᠬᠥᠮᠥᠵᠢᠭᠦᠯᠦᠭᠰᠡᠨ ᠪᠤᠢ︖      ᠲᠠᠨ ᠶᠢᠨ ᠯᠦᠩ᠄      ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠦᠢᠯ ᠭᠤᠣᠯᠳᠠᠭᠤ ᠠᠮᠢᠳᠤ ᠪᠣᠳᠠᠰ ᠤᠨ ᠡᠮ ᠡᠮᠨᠡᠯᠭᠡ᠂ ᠰᠦ ᠶᠢᠨ ᠦᠢᠯᠡᠰ ᠵᠢᠴᠢ ᠲᠡᠭᠦᠨ ᠤ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠢᠶᠠᠷ ᠲᠤᠯᠭᠠᠭᠤᠷᠢᠯᠠᠭᠤᠯᠵᠤ᠂ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠲᠠᠩ ᠭᠠᠭᠴᠠ ᠠᠵᠢᠯ ᠲᠥᠷᠥᠯ ᠳᠤ ᠲᠦᠰᠢᠭᠯᠡᠬᠦ ᠬᠡᠮᠵᠢᠶ᠎ᠡ ᠶᠡᠷᠦ ᠨᠢ ᠨᠡᠯᠢᠶᠡᠳ ᠥᠨᠳᠥᠷ ᠪᠠᠶᠢᠳᠠᠭ᠃ ᠡᠭᠦᠨ ᠤ ᠲᠤᠯᠠᠳᠠ ᠪᠢᠳᠡ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠪᠠ ᠥᠷᠢᠰᠦᠯᠳᠦᠭᠡᠨ ᠳᠤ ᠣᠷᠣᠯᠴᠠᠬᠤ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠰᠦᠪᠡᠭᠴᠢᠯᠡᠨ ᠪᠣᠶᠢᠵᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠭᠠᠷ ᠳᠠᠮᠵᠢᠭᠰᠠᠨ ᠮᠠᠰᠢᠨ ᠲᠡᠷᠭᠡ ᠪᠠ ︽ᠰᠢᠨ᠎ᠡ ᠭᠤᠷᠪᠠᠨ ᠵᠦᠢᠯ︾ ᠤᠨ ᠭᠠᠳᠠᠭᠠᠳᠤ ᠭᠠᠷᠭᠠᠯᠲᠠ ᠶᠢᠨ ᠲᠣᠭᠤᠷᠢᠨ ᠳᠤ ᠭᠤᠣᠯᠳᠠᠯᠭ᠎ᠠ ᠲᠠᠢ ᠪᠠᠷ ᠠᠷᠭ᠎ᠠ ᠵᠠᠮ ᠡᠷᠢᠵᠦ᠂ ᠳᠠᠯᠳᠠ ᠬᠦᠴᠦᠨ ᠢ ᠠᠭᠤᠳᠠᠯᠤᠨ᠎ᠠ᠃            ᠨᠢᠭᠡ ᠳᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠯ᠎ᠠ ᠪᠠᠷ᠂ ︽ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠨᠤᠭᠤᠳ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠴᠢᠨᠠᠷᠲᠠᠢ ᠠᠵᠤ ᠠᠬᠤᠶᠢᠯᠠᠯ ᠢ ᠦᠷᠭᠦᠯᠵᠢᠯᠡᠨ ᠤᠷᠢᠵᠤ ᠪᠡᠯᠡ ᠣᠷᠣᠭᠤᠯᠤᠨ᠂ ᠡᠯ᠎ᠡ ᠭᠠᠵᠠᠷ ᠣᠷᠣᠨ ᠤ ᠤᠯᠤᠰ ᠤᠨ ᠳᠣᠲᠣᠭᠠᠳᠤ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠲᠥᠴᠢ ᠠᠵᠤ ᠠᠬᠤᠶᠢᠯᠠᠯ ᠢ ᠤᠷᠢᠵᠤ ᠪᠡᠯᠡ ᠣᠷᠣᠭᠤᠯᠬᠤ ᠶᠢ ᠢᠳᠡᠪᠬᠢᠲᠡᠢ ᠠᠬᠢᠭᠤᠯᠵᠤ᠂ ᠰᠠᠭᠤᠷᠢ ᠲᠠᠢ ᠭᠠᠵᠠᠷ ᠣᠷᠣᠨ ᠢ ᠵᠢᠯᠣᠭᠤᠳᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠪᠥᠭᠡᠮᠨᠡᠷᠡᠬᠦ ᠶᠢ ᠲᠦᠷᠭᠡᠳᠬᠡᠵᠦ᠂ ᠬᠠᠲᠠᠭᠤ ᠵᠥᠭᠡᠯᠡᠨ ᠲᠣᠨᠤᠭ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ᠎ᠠ᠃ ᠡᠨᠡ ᠵᠢᠯ ᠤᠨ ᠨᠢᠭᠡᠳᠦᠭᠡᠷ ᠤᠯᠠᠷᠢᠯ ᠳᠤ ᠮᠠᠨ ᠤ ᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ 2.54 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ  ᠬᠢ ᠠᠴᠠ 19.6 ᠳᠠᠬᠢᠨ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠬᠡᠮᠵᠢᠶᠡᠨ ᠤ 70% ᠶᠢ ᠡᠵᠡᠯᠡᠪᠡ᠃      ᠬᠤᠶᠠᠷ ᠲᠤ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠠᠯ᠎ᠠ ᠪᠠᠷ᠂ 2022 ᠣᠨ ᠳᠤ ᠮᠠᠨ ᠤ ᠬᠤᠲᠠ ᠤᠯᠤᠰ ᠤᠨ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠷᠰᠢᠯᠲᠠ ᠶᠢᠨ ᠬᠤᠲᠠ ᠪᠠᠷ ᠵᠥᠪᠰᠢᠶᠡᠷᠡᠭᠳᠡᠭᠰᠡᠨ ᠠᠴᠠ ᠨᠠᠭᠠᠰᠢ᠂ ᠮᠠᠨ ᠤ ᠬᠤᠲᠠ ᠶᠢᠨ ᠬᠤᠳᠠᠯᠳᠤᠭᠠᠨ ᠤ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ︽ᠬᠥᠬᠡᠬᠤᠲᠠ ᠶᠢᠨ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠠᠵᠢᠯ ᠤᠨ ᠲᠥᠰᠥᠯ︾ ᠢ ᠲᠣᠭᠲᠠᠭᠠᠵᠤ᠂ ᠶᠡᠷᠦᠩᠬᠡᠢ ᠠᠵᠢᠯ ᠤᠨ ᠰᠡᠳᠬᠢᠮᠵᠢ ᠪᠠᠨ ᠲᠣᠳᠣᠷᠬᠠᠶᠢᠯᠠᠨ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠶᠢ ᠳᠡᠮᠵᠢᠬᠦ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠢᠶᠠᠨ ᠥᠷᠭᠡᠳᠬᠡᠬᠦ ᠳᠤ ᠲᠤᠰᠠ ᠪᠣᠯᠪᠠ᠃ ᠣᠲᠣ ᠪᠣᠯᠲᠠᠯ᠎ᠠ ᠭᠠᠳᠠᠭᠠᠳᠤ ᠳᠤ ᠭᠠᠷᠭᠠᠭᠰᠠᠨ ᠭᠠᠷ ᠳᠠᠮᠵᠢᠭᠰᠠᠨ ᠮᠠᠰᠢᠨ ᠲᠡᠷᠭᠡ ᠨᠡᠶᠢᠲᠡ 2500 ᠶᠢ ᠳᠠᠪᠠᠵᠤ᠂ ᠭᠠᠳᠠᠭᠠᠳᠤ ᠳᠤ ᠭᠠᠷᠭᠠᠭᠰᠠᠨ ᠵᠣᠭᠤᠰ ᠤᠨ ᠲᠤᠭ᠎ᠠ 2.3 ᠳ᠋ᠦᠩᠰᠢᠭᠤᠷ ᠲᠥᠭᠦᠷᠢᠭ ᠬᠦᠷᠴᠡᠢ᠃ ᠣᠶᠢᠷ᠎ᠠ ᠶᠢᠨ ᠬᠤᠭᠤᠴᠠᠭᠠᠨ ᠳᠤ᠂ ᠪᠢᠳᠡ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 5 ᠰᠠᠯᠠᠭ᠎ᠠ ᠮᠥᠴᠢᠷ ᠤᠨ ︽ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠬᠤᠯᠪᠣᠭᠳᠠᠯ ᠪᠦᠬᠦᠢ ᠵᠦᠢᠯᠡᠰ ᠤᠨ ᠲᠤᠬᠠᠢ ᠠᠯᠪᠠᠨ ᠵᠠᠷ︾ ᠢ ᠨᠡᠶᠢᠲᠡᠯᠡᠭᠰᠡᠨ ᠠᠵᠠ ᠲᠣᠬᠢᠶᠠᠯ ᠲᠠᠢ ᠤᠶᠠᠯᠳᠤᠭᠤᠯᠤᠨ᠂ ᠠᠵᠤ ᠠᠬᠤᠶᠢᠯᠠᠯ ᠲᠠᠢ ᠣᠯᠠᠨ ᠤᠳᠠᠭ᠎ᠠ ᠨᠢᠭᠤᠷᠲᠠᠨ ᠰᠠᠨᠠᠯ ᠢᠶᠠᠨ ᠰᠣᠯᠢᠯᠴᠠᠵᠤ᠂ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤᠮᠳᠠᠬᠢ ᠪᠡᠷᠬᠡ ᠠᠰᠠᠭᠤᠳᠠᠯ ᠢ ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠵᠦ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠪᠡ᠃ ᠡᠨᠡ ᠵᠢᠯ ᠤᠨ ᠨᠢᠭᠡᠳᠦᠭᠡᠷ ᠤᠯᠠᠷᠢᠯ ᠳᠤ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠭᠰᠠᠨ ᠲᠤᠭ᠎ᠠ 7500 ᠭᠠᠷᠤᠢ ᠲᠦᠮᠡᠨ ᠲᠥᠭᠦᠷᠢᠭ ᠬᠦᠷᠴᠦ᠂ 2023 ᠣᠨ ᠤ ᠪᠥᠬᠦ ᠵᠢᠯ ᠤᠨ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠭᠰᠠᠨ ᠲᠣᠭᠠᠨ ᠤ 50% ᠶᠢ ᠡᠵᠡᠯᠡᠪᠡ᠃      ᠭᠤᠷᠪᠠ ᠳᠤ᠂ ︽ᠰᠢᠨ᠎ᠡ ᠭᠤᠷᠪᠠᠨ ᠵᠦᠢᠯ︾ ᠤᠨ ᠭᠠᠳᠠᠭᠠᠳᠤ ᠭᠠᠷᠭᠠᠯᠲᠠ ᠶᠢᠨ ᠲᠠᠯ᠎ᠠ ᠪᠠᠷ᠂ ᠮᠠᠨ ᠤ ᠬᠤᠲᠠ ᠶᠢᠨ ︽ᠴᠠᠬᠢᠯᠭᠠᠨ ᠬᠥᠳᠡᠯᠭᠡᠭᠦᠷᠲᠦ ᠬᠥᠮᠥᠨ ᠠᠴᠢᠬᠤ ᠮᠠᠰᠢᠨ ᠲᠡᠷᠭᠡ᠂ ᠯᠢᠲ᠋ᠢ ᠳ᠋ᠢᠶᠠᠨ ᡂᠢ᠂ ᠨᠡᠷᠡᠨ ᠡᠨᠧᠷᠭᠢ ᠶᠢᠨ ᠳ᠋ᠢᠶᠠᠨ ᡂᠢ︾ ᠵᠡᠷᠭᠡ ᠭᠠᠳᠠᠭᠠᠳᠤ ᠠᠷᠠᠯᠵᠢᠶᠠᠨ ᠤ ︽ᠰᠢᠨ᠎ᠡ ᠭᠤᠷᠪᠠᠨ ᠵᠦᠢᠯ︾ ᠤᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠲᠦᠭᠵᠢᠷᠡᠯ ᠢ ᠢᠳᠡᠪᠬᠢᠲᠡᠢ ᠪᠠᠷ ᠨᠠᠪᠲᠠᠷᠡᠭᠦᠯᠵᠦ᠂ ᠠᠵᠤ ᠠᠬᠤᠶᠢᠯᠠᠯ ᠤᠨ ᠭᠠᠳᠠᠭᠠᠳᠤ ᠠᠷᠠᠯᠵᠢᠶ᠎ᠠ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠰᠢᠨ᠎ᠡ ᠭᠤᠷᠪᠠᠨ ᠵᠦᠢᠯ ᠤᠨ ᠪᠠ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠠᠬᠤᠶᠢᠯᠠᠯ ᠢ ᠰᠤᠷᠪᠤᠯᠵᠢᠯᠠᠬᠤ ᠶᠢ ᠴᠢᠩᠭᠠᠳᠬᠠᠨ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠬᠦᠷᠭᠡᠵᠦ᠂ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠲᠠᠢ ᠨᠢᠭᠤᠷᠲᠠᠨ  ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠪᠦᠦ ᠯᠢ ᠰᠢᠨ ︵ᠥᠪᠥᠷ ᠮᠣᠩᠭᠤᠯ︶ ᠳ᠋ᠢᠶᠠᠨ ᡂᠢ ᠶᠢᠨ ᠬᠢᠵᠠᠭᠠᠷᠲᠤ ᠺᠣᠮᠫᠠᠨᠢ ᠶᠢᠨ ᠯᠢᠲ᠋ᠢ ᠳ᠋ᠢᠶᠠᠨ ᡂᠢ ᠶᠢᠨ ᠭᠠᠳᠠᠭᠠᠳᠤ ᠭᠠᠷᠭᠠᠯᠲᠠ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠠᠮᠵᠢᠯᠲᠠ ᠲᠠᠢ ᠠᠬᠢᠭᠤᠯᠵᠤ᠂ ᠭᠠᠳᠠᠭᠠᠳᠤ ᠠᠷᠠᠯᠵᠢᠶ᠎ᠠ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠣᠯᠭᠤᠵᠤ᠂ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃      ᠬᠥᠲᠥᠯᠥᠭᠴᠢ᠄      ᠬᠥᠬᠡᠬᠤᠲᠠ ᠶᠢᠨ ᠠᠭᠠᠷ ᠤᠨ ᠠᠶᠠᠯᠠᠯ ᠤᠨ ᠪᠣᠭᠤᠮᠲᠠ ᠪᠣᠯ ᠪᠦᠬᠦ ᠣᠷᠣᠨ ᠤ ᠬᠠᠮᠤᠭ ᠤᠨ ᠶᠡᠭᠡ ᠠᠭᠠᠷ ᠤᠨ ᠠᠶᠠᠯᠠᠯ ᠤᠨ ᠪᠣᠭᠤᠮᠲᠠ ᠪᠣᠯᠣᠨ᠎ᠠ᠂ ᠮᠠᠨ ᠤ ᠬᠤᠲᠠ ᠶᠢᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠳᠤᠮᠳᠠ ᠴᠢᠬᠤᠯᠠ ᠦᠢᠯᠡᠳᠦᠯ ᠭᠠᠷᠭᠠᠵᠤ ᠪᠠᠶᠢᠨ᠎ᠠ᠂ ᠪᠣᠭᠤᠮᠲᠠ ᠶᠢᠨ ᠣᠳᠣᠬᠠᠨ ᠤ ᠠᠵᠢᠯᠯᠠᠭᠠᠨ ᠶᠠᠮᠠᠷ ᠰᠢᠭ᠋ ᠪᠠᠶᠢᠳᠠᠯ ᠲᠠᠢ ᠪᠤᠢ︖      ᠲᠠᠨ ᠶᠢᠨ ᠯᠦᠩ᠄      ᠡᠨᠡ ᠵᠢᠯ ᠤᠨ ᠲᠤᠷᠰᠢ᠂ ᠪᠢᠳᠠᠨ ᠪᠣᠭᠤᠮᠲᠠ ᠶᠢᠨ ᠡᠯ᠎ᠡ ᠬᠤᠯᠪᠣᠭᠳᠠᠯ ᠪᠦᠬᠦᠢ ᠨᠢᠭᠡᠴᠢ ᠲᠠᠢ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠬᠢᠯᠢ ᠪᠠᠷ ᠣᠷᠣᠵᠤ ᠭᠠᠷᠬᠤ ᠵᠢᠭᠤᠯᠴᠢᠳ᠂ ᠤᠯᠤᠰ ᠤᠨ ᠬᠤᠭᠤᠷᠣᠨᠳᠤᠬᠢ ᠲᠦᠷᠭᠡᠨ ᠬᠦᠷᠭᠡᠯᠲᠡ ᠶᠢᠨ ᠪᠣᠭᠤᠮᠲᠠ ᠶᠢᠨ ᠭᠠᠷ ᠭᠦᠢᠴᠡᠳᠬᠡᠯ ᠤᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠨᠡᠯᠢᠶᠡᠳ ᠳᠡᠭᠡᠭᠰᠢᠯᠡᠪᠡ᠃      ᠨᠢᠭᠡ ᠳᠤ᠂ ᠣᠯᠠᠨ ᠤᠯᠤᠰ ᠤᠨ ᠠᠶᠠᠨᠴᠢᠨ ᠤ ᠠᠭᠠᠷ ᠤᠨ ᠲᠡᠭᠡᠭᠡᠪᠦᠷᠢ ᠶᠢᠨ ᠠᠵᠢᠯᠯᠠᠭᠠᠨ ᠲᠣᠭᠲᠠᠪᠤᠷᠢᠲᠠᠢ ᠪᠠᠶᠢᠨ᠎ᠠ᠃      ᠬᠤᠶᠠᠷ ᠲᠤ᠂ ᠣᠯᠠᠨ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠳᠠᠭᠠᠭᠠᠴᠢᠯᠠᠯᠲᠠ ᠶᠢᠨ ᠨᠢᠰᠬᠡᠯ ᠠᠮᠵᠢᠯᠲᠠ  ᠲᠠᠢ ᠰᠡᠷᠭᠦᠵᠦ ᠨᠢᠰᠪᠡ᠃      ᠭᠤᠷᠪᠠ ᠳᠤ᠂ ᠬᠢᠯᠢ ᠪᠠᠷ ᠣᠷᠣᠵᠤ ᠢᠷᠡᠬᠦ ᠬᠥᠯᠳᠡᠭᠦᠦ ᠰᠣᠷᠭᠤᠭ ᠤᠰᠤᠨ ᠤ ᠭᠠᠷᠤᠯᠲᠠ ᠶᠢᠨ ᠲᠣᠭᠲᠠᠭᠰᠠᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠢ ᠠᠮᠵᠢᠯᠲᠠ ᠲᠠᠢ ᠰᠢᠯᠭᠠᠨ ᠠᠪᠤᠪᠠ᠃      ᠬᠥᠲᠥᠯᠥᠭᠴᠢ᠄      ᠤᠯᠤᠰ ᠤᠨ ᠬᠤᠭᠤᠷᠣᠨᠳᠤᠬᠢ ᠪᠠᠷᠠᠭᠠᠨ ᠤ ᠭᠦᠢᠯᠭᠡᠭᠡ ᠪᠣᠯ ᠭᠠᠳᠠᠭᠰᠢ ᠨᠡᠭᠡᠭᠡᠯᠲᠡ ᠬᠢᠬᠦ ᠶᠢᠨ ᠴᠢᠬᠤᠯᠠ ᠲᠤᠯᠭᠠᠭᠤᠷᠢ ᠮᠥᠨ᠂ ᠣᠷᠣᠨ ᠪᠦᠰᠡ ᠬᠠᠮᠵᠢᠯᠴᠠᠨ ᠬᠥᠭᠵᠢᠬᠦ ᠶᠢᠨ ᠴᠢᠬᠤᠯᠠ ᠪᠠᠲᠤᠯᠠᠭ᠎ᠠ ᠮᠥᠨ᠃ ᠮᠠᠨ ᠤ ᠬᠤᠲᠠ ᠤᠯᠤᠰ ᠤᠨ ᠬᠤᠭᠤᠷᠣᠨᠳᠤᠬᠢ ᠪᠠᠷᠠᠭᠠᠨ ᠤ ᠭᠦᠢᠯᠭᠡᠭᠡᠨ ᠤ ᠵᠠᠮ ᠢ ᠪᠦᠲᠦᠭᠡᠨ ᠪᠠᠶᠢᠭᠤᠯᠬᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠬᠥᠭᠵᠢᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖
访谈051003.jpg
     ᠲᠠᠨ ᠶᠢᠨ ᠯᠦᠩ᠄      ᠣᠷᠴᠢᠮ ᠤᠨ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠠᠳᠠᠭᠰᠢ ᠨᠡᠭᠡᠭᠡᠯᠲᠡ ᠬᠢᠬᠦ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠤᠯᠤᠰ ᠤᠨ ᠬᠤᠭᠤᠷᠣᠨᠳᠤᠬᠢ ᠪᠠᠷᠠᠭᠠᠨ ᠤ ᠭᠦᠢᠯᠭᠡᠭᠡᠨ ᠤ ᠵᠠᠮ ᠢ ᠪᠦᠲᠦᠭᠡᠨ ᠪᠠᠶᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠠᠭᠠᠷ ᠤᠨ ᠵᠠᠮ᠂ ᠲᠡᠮᠦᠷ ᠵᠠᠮ᠂ ᠵᠠᠰᠠᠮᠠᠯ ᠵᠠᠮ᠂ ᠳᠠᠯᠠᠢ ᠶᠢᠨ ᠵᠠᠮ︾ ᠳᠥᠷᠪᠡ ᠶᠢ ᠨᠢᠭᠡ ᠴᠣᠭᠴᠠᠵᠢᠭᠤᠯᠤᠭᠰᠠᠨ ᠭᠠᠳᠠᠭᠰᠢ ᠬᠠᠨᠳᠤᠭᠤᠯᠤᠭᠰᠠᠨ ᠵᠠᠮ ᠢ ᠪᠦᠬᠦ ᠲᠠᠯ᠎ᠠ ᠪᠠᠷ ᠨᠡᠪᠲᠡᠷᠡᠭᠦᠯᠦᠨ᠂ ᠶᠡᠭᠡ ᠪᠠᠷᠠᠭᠠᠨ ᠤ ᠭᠦᠢᠯᠭᠡᠭᠡᠨ ᠤ ᠲᠣᠣᠷ ᠢ ᠢᠳᠡᠪᠬᠢᠲᠡᠢ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠨᠡᠪᠲᠡᠷᠡᠭᠦᠯᠬᠦ ᠳᠤᠮᠳᠠ ᠨᠡᠩ ᠶᠡᠭᠡ ᠦᠢᠯᠡᠳᠦᠯ ᠦᠵᠡᠭᠦᠯᠪᠡ᠃       ᠨᠢᠭᠡ ᠳᠤ᠂ ᠣᠯᠠᠨ ᠤᠯᠤᠰ ᠤᠨ ᠬᠠᠭᠤᠷᠠᠢ ᠶᠢᠨ ᠭᠠᠷᠠᠮ ᠢ ᠪᠦᠲᠦᠭᠡᠨ ᠪᠠᠶᠢᠭᠤᠯᠬᠤ ᠪᠠᠨ ᠲᠦᠷᠭᠡᠳᠬᠡᠪᠡ᠃ ᠮᠠᠨ ᠤ ᠬᠤᠲᠠ ᠶᠢᠨ ᠣᠷᠣᠨ ᠪᠠᠶᠢᠷᠢ ᠪᠠ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠬᠥᠬᠡᠬᠤᠲᠠ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠲᠥᠪᠯᠡᠷᠡᠭᠦᠯᠵᠦ ᠲᠠᠷᠬᠠᠭᠠᠬᠤ ᠲᠥᠪ ᠢ ᠪᠠᠶᠢᠭᠤᠯᠵᠤ᠂ ︽ᠣᠷᠣᠰ ᠮᠣᠩᠭᠤᠯ ᠳᠤ ᠬᠠᠨᠳᠤᠭᠤᠯᠤᠭᠰᠠᠨ᠂ ᠠᠽᠢᠶ᠎ᠠ ᠡᠸᠦ᠋ᠷᠦᠫᠡ ᠶᠢ ᠨᠥᠯᠥᠭᠡᠯᠡᠭᠰᠡᠨ︾ ᠣᠯᠠᠨ ᠤᠯᠤᠰ ᠤᠨ ᠬᠠᠭᠤᠷᠠᠢ ᠶᠢᠨ ᠭᠠᠷᠠᠮ ᠢ ᠪᠠᠶᠢᠭᠤᠯᠬᠤ ᠳᠤ ᠰᠠᠭᠤᠷᠢ ᠲᠠᠯᠪᠢᠪᠠ᠃      ᠬᠤᠶᠠᠷ ᠲᠤ᠂ ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠪᠣᠭᠤᠮᠲᠠ ᠶᠢ ᠪᠠᠶᠢᠭᠤᠯᠤᠨ᠎ᠠ᠃ ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠡᠭᠡᠭᠡᠪᠦᠷᠢ ᠶᠢᠨ ᠣᠷᠣᠨ ᠤ ᠪᠣᠭᠤᠮᠲᠠ ᠶᠢᠨ ᠬᠢᠨᠠᠯᠲᠠ ᠬᠠᠮᠢᠶᠠᠷᠤᠯᠲᠠ᠂ ᠡᠳ᠋ ᠪᠠᠷᠠᠭᠠᠨ ᠳᠤ ᠬᠡᠷᠡᠭᠯᠡᠬᠦ ᠭᠡᠷ ᠪᠠᠶᠢᠰᠢᠩ ᠵᠡᠷᠭᠡ ᠭᠤᠣᠯᠳᠠᠯᠭ᠎ᠠ ᠲᠠᠢ ᠪᠠᠷᠢᠯᠭ᠎ᠠ ᠶᠢ ᠲᠦᠷᠭᠡᠨ ᠪᠠᠶᠢᠭᠤᠯᠵᠤ᠂ ᠵᠢᠯ ᠤᠨ ᠡᠴᠦᠰ ᠠᠴᠠ ᠡᠮᠦᠨ᠎ᠡ ᠠᠭᠠᠷ ᠤᠨ ᠠᠶᠠᠯᠠᠯ ᠤᠨ ᠪᠣᠭᠤᠮᠲᠠ ᠶᠢᠨ ᠢᠵᠢ ᠪᠦᠷᠢᠳᠦᠭᠦᠯᠬᠦ ᠪᠡᠯᠡᠳᠬᠡᠮᠵᠢ ᠶᠢ ᠪᠠᠶᠢᠭᠤᠯᠤᠨ ᠳᠠᠭᠤᠰᠬᠠᠬᠤ ᠶᠢᠨ ᠬᠠᠮᠲᠤ᠂ ᠲᠣᠭᠲᠠᠭᠰᠠᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠤᠷᠢᠳᠴᠢᠯᠠᠨ ᠲᠥᠯᠥᠪᠯᠡᠨ᠎ᠡ᠃ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠪᠣᠭᠤᠮᠲᠠ ᠥᠩᠭᠡᠷᠡᠬᠦ ᠪᠡᠯᠡᠳᠬᠡᠮᠵᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠶᠠᠭ ᠬᠢᠨᠠᠨ ᠵᠥᠪᠰᠢᠶᠡᠷᠡᠭᠦᠯᠵᠦ ᠪᠠᠶᠢᠨ᠎ᠠ᠃      ᠭᠤᠷᠪᠠ ᠳᠤ᠂ ᠣᠷᠣᠨ ᠪᠦᠰᠡ ᠠᠯᠤᠰᠯᠠᠭᠰᠠᠨ ᠣᠯᠠᠨ ᠶᠠᠩᠵᠤ ᠶᠢᠨ ᠬᠤᠯᠪᠣᠭᠠᠯᠠᠭᠰᠠᠨ ᠲᠡᠭᠡᠭᠡᠪᠦᠷᠢ ᠶᠢ ᠠᠬᠢᠭᠤᠯᠵᠤ ᠪᠠᠶᠢᠨ᠎ᠠ᠃ ᠲᠢᠶᠠᠨᠵᠢᠨ ᠭᠠᠷᠠᠮ ᠪᠠ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠴᠢᠳᠠᠪᠤᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠳᠠᠯᠠᠢ ᠶᠢᠨ ᠵᠠᠮ ᠪᠠ ᠲᠡᠮᠦᠷ ᠵᠠᠮ ᠤᠨ ᠬᠤᠯᠪᠣᠭᠠᠯᠠᠭᠰᠠᠨ ᠲᠡᠭᠡᠭᠡᠪᠦᠷᠢ ᠪᠠ ᠳᠣᠲᠣᠭᠠᠳᠤ ᠬᠠᠭᠤᠷᠠᠢ ᠶᠢᠨ ᠭᠠᠶᠢᠯᠢ ᠪᠠᠲᠤᠯᠠᠬᠤ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ ᠪᠠᠶᠢᠨ᠎ᠠ᠃      ᠬᠥᠲᠥᠯᠥᠭᠴᠢ᠄      ᠮᠠᠨ ᠤ ᠬᠤᠲᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠡᠭᠡᠨ ︽ᠴᠢᠯᠦᠭᠡᠲᠦ ᠠᠷᠠᠯᠵᠢᠶᠠᠨ ᠤ ᠣᠷᠣᠨ ᠤ ᠡᠭᠦᠳᠦᠨ ᠪᠠᠶᠢᠭᠤᠯᠬᠤ ᠢᠨᠵᠧᠨᠧᠷᠢᠩ ᠢ ︿ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ﹀ ᠂ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠬᠥᠬᠡᠬᠤᠲᠠ ᠶᠢᠨ ᠲᠥᠪ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃︾ ᠭᠡᠵᠦ ᠲᠣᠳᠣᠷᠬᠠᠢ ᠳᠤᠷᠠᠳᠤᠭᠰᠠᠨ ᠪᠢᠯᠡ᠃ ᠴᠢᠯᠦᠭᠡᠲᠦ ᠠᠷᠠᠯᠵᠢᠶᠠᠨ ᠤ ᠣᠷᠣᠨ ᠶᠢ ᠭᠤᠶᠤᠴᠢᠯᠠᠨ ᠪᠠᠶᠢᠭᠤᠯᠬᠤ ᠠᠵᠢᠯ ᠣᠳᠣᠬᠠᠨ ᠳᠤ ᠶᠠᠮᠠᠷ ᠠᠬᠢᠴᠠ ᠲᠠᠢ ᠪᠠᠶᠢᠨ᠎ᠠ︖      ᠲᠠᠨ ᠶᠢᠨ ᠯᠦᠩ᠄       ︽ᠴᠢᠯᠦᠭᠡᠲᠦ ᠠᠷᠠᠯᠵᠢᠶᠠᠨ ᠤ ᠣᠷᠣᠨ ᠤ ᠡᠭᠦᠳᠦᠨ ᠪᠠᠶᠢᠭᠤᠯᠬᠤ ᠢᠨᠵᠧᠨᠧᠷᠢᠩ︾ ᠨᠢ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠣᠭᠰᠠᠨ ᠤ ᠬᠤᠪᠢ ᠳᠤ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠳᠤ ᠠᠯᠤᠰ ᠬᠡᠲᠦ ᠶᠢᠨ ᠠᠴᠢ ᠬᠤᠯᠪᠣᠭᠳᠠᠯ ᠲᠠᠢ᠃ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠴᠢᠯᠦᠭᠡᠲᠦ ᠠᠷᠠᠯᠵᠢᠶᠠᠨ ᠤ ᠣᠷᠣᠨ ᠤ ᠡᠭᠦᠳᠦᠨ ᠪᠠᠶᠢᠭᠤᠯᠬᠤ ᠢᠨᠵᠧᠨᠧᠷᠢᠩ ᠢ ᠪᠦᠬᠦ ᠬᠤᠲᠠ ᠶᠢᠨ ᠭᠠᠳᠠᠭᠰᠢ ᠨᠡᠭᠡᠭᠡᠯᠲᠡ ᠬᠢᠬᠦ ᠠᠵᠢᠯ ᠤᠨ ᠲᠡᠷᠢᠭᠦᠨ ᠴᠢᠬᠤᠯᠠ ᠶᠡᠭᠡ ᠤᠴᠢᠷ ᠪᠣᠯᠭᠠᠨ ᠲᠦᠯᠬᠢᠨ ᠠᠬᠢᠭᠤᠯᠵᠤ᠂ ᠲᠤᠰᠬᠠᠢ ᠠᠵᠢᠯ ᠤᠨ ᠠᠩᠭᠢ ᠭᠠᠷᠭᠠᠨ ᠥᠪᠡᠷᠲᠡᠭᠡᠨ ᠵᠠᠰᠠᠬᠤ ᠣᠷᠣᠨ ᠤ ᠭᠤᠶᠤᠴᠢᠯᠠᠨ ᠪᠠᠶᠢᠭᠤᠯᠬᠤ ᠠᠵᠢᠯ ᠳᠤ ᠢᠳᠡᠪᠬᠢᠲᠡᠢ ᠬᠠᠮᠵᠢᠯᠴᠠᠵᠤ᠂ ︽ᠴᠢᠯᠦᠭᠡᠲᠦ ᠠᠷᠠᠯᠵᠢᠶᠠᠨ ᠤ ᠣᠷᠣᠨ ᠤ ᠡᠭᠦᠳᠦᠨ ᠪᠠᠶᠢᠭᠤᠯᠬᠤ ᠢᠨᠵᠧᠨᠧᠷᠢᠩ ᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾ ᠢ ᠲᠣᠭᠲᠠᠭᠠᠨ ᠲᠠᠷᠬᠠᠭᠠᠵᠤ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠥᠨᠳᠦᠷᠯᠢᠭ ᠢ ᠪᠠᠶᠢᠭᠤᠯᠬᠤ ᠪᠠᠨ ᠲᠦᠷᠭᠡᠳᠬᠡᠪᠡ᠃      ᠥᠪᠡᠷᠲᠡᠭᠡᠨ ᠵᠠᠰᠠᠬᠤ ᠣᠷᠣᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠪᠠᠷ ᠭᠤᠶᠤᠴᠢᠯᠠᠭᠰᠠᠨ ᠠᠴᠠ ᠨᠠᠭᠠᠰᠢ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠭᠤᠶᠤᠴᠢᠯᠠᠨ ᠪᠠᠶᠢᠭᠤᠯᠬᠤ ᠲᠤᠰᠬᠠᠢ ᠠᠩᠭᠢ ᠶᠢᠨ ᠭᠠᠵᠠᠷ ᠰᠣᠩᠭᠤᠬᠤ᠂ ᠲᠥᠰᠥᠯ ᠲᠣᠭᠲᠠᠭᠠᠬᠤ᠂ ᠡᠭᠦᠷᠭᠡ ᠶᠢ ᠰᠤᠳᠤᠯᠬᠤ ᠵᠡᠷᠭᠡ ᠲᠠᠯ᠎ᠠ ᠶᠢᠨ ᠠᠵᠢᠯ ᠳᠤ ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠬᠠᠮᠵᠢᠯᠴᠠᠪᠠ᠃      ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠶᠠᠪᠤᠴᠠ ᠳᠤ᠂ ᠮᠠᠨ ᠤ ᠬᠤᠲᠠ ︽ᠡᠭᠦᠳᠬᠦ ᠪᠠᠷ ᠪᠠᠶᠢᠭᠤᠯᠬᠤ ᠶᠢ ᠠᠬᠢᠭᠤᠯᠬᠤ᠂ ᠡᠭᠦᠳᠬᠦ ᠶᠢᠨ ᠳᠠᠭᠠᠤ ᠪᠠᠶᠢᠭᠤᠯᠬᠤ︾ ᠵᠠᠷᠴᠢᠮ ᠢ ᠪᠠᠷᠢᠮᠲᠠᠯᠠᠨ᠂ ᠨᠢᠭᠡ ᠪᠦᠯᠦᠭ ︽ᠬᠡᠷᠡᠭ ᠤᠴᠢᠷ ᠭᠦᠢᠴᠡᠳᠬᠡᠬᠦ ᠠᠷᠭ᠎ᠠ ᠵᠠᠮ︾ ᠢ ᠨᠡᠪᠲᠡᠷᠡᠭᠦᠯᠵᠦ᠂ ᠨᠢᠭᠡ ᠪᠦᠯᠦᠭ ︽ᠠᠷᠠᠯᠵᠢᠶᠠᠨ ᠤ ᠰᠢᠰᠲ᠋ᠧᠮᠵᠢ︾ ᠶᠢ ᠪᠦᠲᠦᠭᠡᠵᠦ᠂ ᠨᠢᠭᠡ ᠪᠦᠯᠦᠭ ︽ᠭᠠᠳᠠᠭᠠᠳᠤ ᠠᠷᠠᠯᠵᠢᠶᠠᠨ ᠤ ᠡᠵᠡᠩᠨᠡᠯᠲᠡ ᠶᠢᠨ ᠬᠡᠯᠪᠡᠷᠢ︾ ᠶᠢ ᠪᠠᠶᠢᠷᠢᠰᠢᠭᠤᠯᠵᠤ᠂ ᠨᠢᠭᠡ ᠪᠦᠯᠦᠭ ︽ᠥᠷᠢᠰᠦᠯᠳᠦᠭᠡᠨ ᠤ ᠡᠨᠧᠷᠭᠢ ᠶᠢᠨ ᠲᠡᠰ︾ ᠢ ᠭᠦᠨᠵᠡᠭᠡᠶᠢᠷᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠡᠭᠦᠷᠭᠡ ᠶᠢᠨ ᠰᠠᠭᠤᠷᠢᠨ ᠳᠡᠭᠡᠷ᠎ᠡ ᠨᠢᠭᠡ ᠪᠦᠯᠦᠭ ᠵᠡᠷᠭᠡ ᠪᠠᠷ ᠬᠡᠷᠡᠭᠵᠢᠭᠦᠯᠬᠦ ᠭᠤᠣᠯᠳᠠᠯᠭ᠎ᠠ ᠲᠠᠢ ᠡᠭᠦᠷᠭᠡ ᠶᠢ ᠨᠠᠷᠢᠯᠢᠭᠵᠢᠭᠤᠯᠤᠨ ᠲᠣᠭᠲᠠᠭᠠᠵᠤ᠂ ᠰᠠᠯᠠᠭ᠎ᠠ ᠮᠥᠴᠢᠷ ᠢ ᠲᠣᠭᠲᠠᠭᠠᠨ ᠠᠬᠢᠭᠤᠯᠬᠤ ᠪᠠᠨ ᠲᠦᠷᠭᠡᠳᠬᠡᠪᠡ᠃ ᠮᠠᠨ ᠤ ᠬᠤᠲᠠ ︽ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠢ ᠵᠠᠪᠳᠤᠨ ᠵᠢᠱᠢᠶ᠎ᠡ ᠦᠵᠡᠭᠦᠯᠦᠨ ᠬᠥᠲᠥᠯᠥᠨ ᠵᠢᠯᠣᠭᠤᠳᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠡᠩ ᠣᠯᠠᠨ ᠰᠢᠯᠢᠳᠡᠭ ᠠᠵᠤ ᠠᠬᠤᠶᠢᠯᠠᠯ ᠪᠠ ᠡᠬᠢ ᠪᠠᠶᠠᠯᠢᠭ ᠢ ᠲᠠᠲᠠᠨ ᠲᠥᠪᠯᠡᠷᠡᠭᠦᠯᠬᠦ ᠪᠣᠯᠣᠨ᠎ᠠ᠃ ᠡᠭᠦᠨ ᠤ ᠬᠠᠮᠲᠤ ᠬᠦᠯᠢᠶᠡᠵᠦ ᠲᠦᠰᠢᠬᠦ ᠰᠡᠳᠬᠢᠯ ᠢᠶᠠᠨ ᠲᠠᠶᠠᠭᠳᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠨ ᠳᠡᠯᠭᠡᠷᠡᠭᠦᠯᠦᠨ ᠬᠠᠭᠤᠯᠪᠤᠷᠢᠯᠠᠬᠤ ᠪᠠ ᠡᠭᠦᠳᠦᠨ ᠪᠠᠶᠢᠭᠤᠯᠬᠤ ᠠᠵᠢᠯ ᠢᠶᠠᠨ ᠳ᠋ᠦᠩᠨᠡᠵᠦ ᠰᠠᠶᠢᠵᠢᠷᠠᠭᠤᠯᠬᠤ ᠶᠢ ᠰᠠᠶᠢᠲᠤᠷ ᠬᠢᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠪᠠᠷ ᠳᠠᠮᠵᠢᠭᠤᠯᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠳᠤ ᠬᠤᠷᠳᠤᠴᠠ ᠨᠡᠮᠡᠵᠦ᠂ ᠮᠠᠨ ᠤ ᠬᠤᠲᠠ ᠶᠢᠨ ᠭᠠᠳᠠᠭᠰᠢ ᠨᠡᠭᠡᠭᠡᠯᠲᠡ ᠬᠢᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠬᠠᠮᠢᠶᠠᠷᠤᠭᠴᠢ᠄      ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠲᠠᠨ ᠶᠢᠨ ᠯᠦᠩ ᠳᠤ ᠲᠠᠯᠠᠷᠬᠠᠯ᠎ᠠ᠂ ᠥᠷᠭᠡᠨ ᠣᠯᠠᠨ ᠰᠦᠯᠵᠢᠶᠡᠨ ᠤ ᠨᠠᠶᠢᠵᠠ ᠶᠢᠨ ᠠᠩᠬᠠᠷᠤᠯ ᠢᠶᠠᠨ ᠬᠠᠨᠳᠤᠭᠤᠯᠵᠤ ᠣᠷᠣᠯᠴᠠᠭᠰᠠᠨ ᠳᠤ ᠲᠠᠯᠠᠷᠬᠠᠯ᠎ᠠ᠂ ᠡᠨᠡ ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠯ᠎ᠡ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号