ᠦᠴᠦᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ 5 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/13
     5 ᠰᠠᠷ᠎ᠠ ᠶᠢᠨ 11 ᠤ ᠡᠳᠦᠷ᠂ ᠦᠴᠦᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ 5 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠰᠢᠶᠠᠨ ᠤ ᠤᠳᠤᠷᠢᠳᠤᠯᠭ᠎ᠠ ᠶᠠᠩ ᠶᠦᠩ ᠭᠠᠩ᠂ ᠯᠢ ᠮᠢᠨ᠂ ᠼᠦᠢ ᠵᠧᠨ ᠬᠤᠸᠠ᠂ ᠪᠠᠢ ᠢᠦᠢ᠂ ᠶᠦᠨ ᠰᠢᠶᠣᠣ ᠮᠢᠨ᠂ ᠵᠠᠩ ᠵᠢᠶᠧ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠪᠦᠷᠢᠯᠳᠦᠭᠦᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠬᠠᠷᠢᠭᠤᠴᠠᠯᠭᠠᠲᠠᠨ ᠪᠥᠬᠦ ᠰᠢᠶᠠᠨ ᠤ 1-4 ᠰᠠᠷ᠎ᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠮᠡᠳᠡᠭᠳᠡᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭᠠᠨ ᠤ ᠲᠥᠰᠥᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠶᠡᠷᠦᠩᠬᠡᠢ ᠱᠦᠵᠢ ᠰᠢ ᠶᠢᠨ ᠫᠢᠩ ᠤᠨ 5 ᠰᠠᠷ᠎ᠠ ᠶᠢᠨ 2 ᠤᠨ ᠡᠳᠦᠷ ᠭᠤᠸᠠᠩᠳᠦ᠋ᠩ ᠤᠨ ᠮᠧᠢ ᠵᠧᠦ ᠬᠤᠲᠠ ᠶᠢᠨ ᠮᠧᠢ ᠳ᠋ᠡ ᠲᠦᠷᠭᠡᠨ ᠤ ᠵᠠᠮ ᠤᠨ ᠴᠠ ᠶᠠᠩ ᠵᠠᠮ ᠤᠨ ᠬᠡᠰᠡᠭ ᠤᠨ ᠨᠤᠷᠠᠵᠤ ᠶᠡᠭᠦᠷᠡᠭᠰᠡᠨ ᠭᠠᠮᠰᠢᠭ ᠤᠨ ᠲᠤᠬᠠᠢ ᠴᠢᠬᠤᠯᠠ ᠴᠣᠬᠤᠯᠠᠪᠤᠷᠢ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ︽ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠵᠢᠯ ᠢ ᠦᠨᠡᠨᠬᠦ ᠰᠠᠶᠢᠲᠤᠷ ᠬᠢᠬᠦ ᠲᠤᠬᠠᠢ ᠪᠠᠴᠢᠮ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠠᠷᠬᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠮᠠᠨ ᠤ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠷᠢᠯᠠᠭᠤᠯᠪᠠ︔ ᠭᠤᠣᠯᠳᠠᠯᠭ᠎ᠠ ᠲᠠᠢ ᠠᠵᠢᠯ ᠲᠥᠷᠥᠯ ᠤᠨ ᠰᠠᠯᠠᠭ᠎ᠠ ᠮᠥᠴᠢᠷ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠃      ᠬᠤᠷᠠᠯ ᠠᠴᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠡᠷᠡᠰ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠰᠠᠨ ᠬᠠᠮᠢᠶᠠᠷᠤᠯᠲᠠ ᠶᠢᠨ ᠰᠢᠰᠲ᠋ᠧᠮ ᠢ ᠲᠡᠰ ᠳᠡᠪᠰᠢᠭᠦᠯᠵᠦ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠴᠢᠳᠠᠪᠤᠷᠢ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠬᠡᠷᠡᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ︔ ᠭᠤᠣᠯᠳᠠᠯᠭ᠎ᠠ ᠲᠠᠢ ᠠᠵᠢᠯ ᠲᠥᠷᠥᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠰᠣᠶᠣᠯ ᠵᠢᠭᠤᠯᠴᠢᠯᠠᠯ᠂ ᠭᠠᠯ ᠤᠨᠲᠠᠷᠠᠭᠠᠬᠤ᠂ ᠬᠤᠲᠠ ᠪᠠᠯᠭᠠᠰᠤᠨ ᠤ ᠰᠢᠲᠠᠮᠠᠬᠠᠢ ᠬᠡᠢ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠲᠦᠭᠰᠢᠭᠦᠷᠢ ᠶᠢ ᠨᠠᠷᠢᠨ ᠬᠢᠨᠠᠮᠠᠭᠠᠢ ᠰᠤᠳᠤᠯᠤᠨ ᠮᠠᠭᠠᠳᠯᠠᠵᠤ᠂ ᠭᠤᠣᠯᠳᠠᠯᠭ᠎ᠠ ᠲᠠᠢ ᠬᠢᠨᠠᠨ ᠬᠠᠮᠢᠶᠠᠷᠬᠤ᠂ ᠭᠤᠣᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠶᠢ ᠨᠠᠶᠢᠳᠠᠪᠤᠷᠢᠵᠢᠭᠤᠯᠤᠨ᠂ ᠬᠦᠨᠳᠦ ᠶᠡᠭᠡ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠲᠦᠭᠰᠢᠭᠦᠷᠢ ᠶᠢ ᠴᠢᠩᠭ᠎ᠠ ᠡᠵᠡᠮᠳᠡᠬᠦ ᠬᠡᠷᠡᠭᠲᠡᠢ︔ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨᠲᠠᠷᠠᠭᠠᠬᠤ ᠬᠠᠮᠢᠶᠠᠷᠤᠯᠲᠠ ᠶᠢ ᠴᠢᠩᠭᠠᠳᠬᠠᠵᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠬᠦ ᠱᠣᠩ ᠪᠠ ᠥᠨᠳᠥᠷ ᠳᠠᠪᠬᠤᠷᠭ᠎ᠠ ᠶᠢᠨ ᠣᠷᠣᠨ ᠰᠠᠭᠤᠴᠠ ᠶᠢᠨ ᠣᠶᠤᠨᠴᠢ ᠪᠠᠷ ᠢᠯᠭᠠᠨ ᠲᠠᠨᠢᠬᠤ ᠶᠢ ᠬᠤᠷᠢᠭᠯᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠬᠦᠭᠡᠷᠦᠮᠵᠢ ᠶᠢ ᠡᠷᠲᠡ ᠲᠥᠯᠥᠪᠵᠢᠭᠦᠯᠬᠦ᠂ ᠡᠷᠲᠡ ᠲᠠᠯᠠᠪᠠᠶ ᠳᠤ ᠣᠷᠣᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠡᠯ᠎ᠡ ᠱᠠᠲᠤᠨ ᠤ ᠡᠯ᠎ᠡ ᠨᠢᠭᠡᠴᠢ ᠶᠢᠨ ᠬᠢᠨ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠣᠨ ᠠᠵᠠ ᠵᠠᠪᠰᠢᠶᠠᠨ ᠡᠷᠢᠬᠦ ᠰᠡᠳᠬᠢᠴᠡ ᠶᠢ ᠡᠷᠡᠰ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠠᠲᠤᠳᠬᠠᠵᠤ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠲᠤᠰᠬᠠᠢ ᠴᠡᠭᠴᠡᠯᠡᠨ ᠵᠠᠰᠠᠬᠤ ᠶᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠳᠡᠯ ᠤᠨ ᠭᠡᠮ ᠰᠣᠭᠤᠭ ᠢ ᠦᠨᠳᠦᠰᠦᠨ ᠠᠴᠠ ᠨᠢ ᠠᠷᠢᠯᠭᠠᠵᠤ᠂ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠬᠡᠷᠡᠭᠲᠡᠢ︔ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠬᠢᠴᠠ ᠶᠢ ᠠᠮᠵᠢᠨ ᠠᠳᠬᠤᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠬᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂ ᠬᠢᠨᠠᠯᠲᠠ ᠲᠠᠯᠪᠢᠵᠤ ᠲᠣᠭᠤᠷᠢᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠢ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ︔ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠲᠦᠷᠦᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠪᠠᠶᠢᠷᠢ ᠬᠤᠶᠠᠷ ᠬᠠᠷᠢᠭᠤᠴᠠᠯᠭ᠎ᠠ ᠲᠠᠢ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ︾ ᠪᠠ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠰᠠᠯᠠᠭ᠎ᠠ ᠮᠥᠴᠢᠷ ᠨᠢᠭᠡᠪᠦᠷᠢ᠂ ᠠᠵᠤ ᠠᠬᠤᠶᠢᠯᠠᠯ ᠨᠢᠭᠡᠪᠦᠷᠢ ᠳᠤ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠠᠶᠤᠯᠭᠦᠢ ᠦᠢᠯᠡᠳᠪᠦᠷᠢᠯᠡᠯ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号