ᠦᠴᠦᠸᠠᠨ ᠰᠢᠶᠠᠨ ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2024/5/13
     ᠦᠴᠦᠸᠠᠨ ᠰᠢᠶᠠᠨ ᠤ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠭᠤᠷᠬᠠᠢ ᠶᠢᠨ ᠠᠳᠡᠯ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠵᠦ᠂ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠲᠤᠨ ᠳᠠᠭᠠᠬᠤ ᠳᠡᠰ ᠳᠠᠷᠠᠭᠠᠯᠠᠯ ᠢ ᠵᠢᠷᠤᠮᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨᠬᠦ ᠬᠠᠮᠠᠭᠠᠯᠠᠬᠤ ᠶᠢᠨ ᠲᠤᠰᠠᠳᠠ᠂ 5 ᠰᠠᠷ᠎ᠠ ᠶᠢᠨ 11 ᠤ ᠡᠳᠦᠷ᠂ ᠦᠴᠦᠸᠠᠨ ᠰᠢᠶᠠᠨ ᠤ ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠬᠠᠷ᠎ᠠ ᠬᠤᠰᠢᠭᠤ ᠰᠢᠶᠠᠩ ᠤᠨ ᠮᠧᠩ ᠯᠢ ᠳ᠋ᠠ ᠮᠢᠶᠠᠨ ᠭᠧᠦ ᠲᠡᠮᠦᠷ ᠤᠨ ᠠᠭᠤᠷᠬᠠᠢ ᠶᠢᠨ ᠣᠷᠣᠨ ᠳᠤ ᠶᠠᠪᠤᠭᠳᠠᠪᠠ᠃      ᠲᠣᠰ ᠤᠳᠠᠭᠠᠨ ᠤ ᠰᠣᠷᠢᠯᠲᠠ ᠨᠢ 2024 ᠣᠨ ᠤ 5 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ᠂ ᠮᠧᠩ ᠯᠢ ᠳ᠋ᠠ ᠮᠢᠶᠠᠨ ᠭᠧᠦ ᠲᠡᠮᠦᠷ ᠤᠨ ᠠᠭᠤᠷᠬᠠᠢ ᠶᠢᠨ ᠲᠣᠬᠢᠷᠠᠭᠤᠯᠤᠯᠲᠠ ᠶᠢᠨ ᠲᠠᠰᠤᠭ ᠬᠤᠳᠳᠤᠭ ᠳᠣᠣᠷᠠᠬᠢ ᠳ᠋ᠢᠶᠠᠩᠬᠤᠸᠠ ᠶᠢᠨ ᠮᠡᠳᠡᠭᠦᠯᠦᠯᠲᠡ ᠶᠢ ᠲᠤᠰᠴᠤ᠂ ᠨᠦᠬᠡᠨ ᠵᠠᠮ ᠳᠡᠭᠡᠷᠡᠬᠢ 1800 ᠲᠡᠭᠰᠢ ᠳᠥᠷᠪᠡᠯᠵᠢᠨ ᠮᠧᠲᠷ ᠤᠨ ᠠᠵᠢᠯ ᠤᠨ ᠭᠠᠳᠠᠷᠭᠤ ᠳᠤ ᠠᠳᠡᠯ ᠭᠠᠷᠴᠤ᠂ 2 ᠠᠵᠢᠯᠴᠢᠨ ᠬᠠᠰᠢᠭᠳᠠᠪᠠ᠃ ᠮᠧᠩ ᠯᠢ ᠳ᠋ᠠ ᠮᠢᠶᠠᠨ ᠭᠧᠦ ᠲᠡᠮᠦᠷ ᠤᠨ ᠠᠭᠤᠷᠬᠠᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠤᠭᠤᠳᠬᠤ ᠭᠠᠵᠠᠷ ᠠᠴᠠ ᠰᠤᠳᠤᠯᠤᠨ ᠮᠠᠭᠠᠳᠯᠠᠬᠤ ᠪᠠᠷ ᠲᠠᠮᠵᠢᠨ᠂ ᠲᠤᠰᠠᠭᠠᠷ ᠠᠭᠤᠷᠬᠠᠢ ᠶᠢᠨ ᠬᠦᠴᠦᠨ ᠤ ᠠᠪᠤᠷᠠᠨ ᠲᠤᠰᠠᠯᠠᠯᠲᠠ ᠶᠢ ᠪᠡᠶᠡᠯᠡᠭᠦᠯᠬᠦ ᠳᠤ ᠪᠡᠷᠬᠡ᠂ ᠰᠢᠶᠠᠨ ᠤ ᠱᠠᠲᠤᠨ ᠤ ᠳᠡᠮᠵᠢᠯᠭᠡ ᠶᠢ ᠭᠤᠶᠤᠴᠢᠯᠠᠬᠤ ᠴᠢᠬᠤᠯᠠᠲᠠᠢ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠳᠡᠯ ᠤᠨ ᠮᠡᠳᠡᠭᠦᠯᠦᠯᠲᠡ ᠶᠢ ᠣᠯᠣᠭᠰᠠᠨ ᠤ ᠲᠠᠷᠠᠭ᠎ᠠ᠂ ᠲᠡᠷᠡ ᠳᠠᠷᠤᠢ ᠳᠤᠨᠢ ᠰᠢᠶᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠤᠭᠤᠳᠬᠤ ᠭᠠᠵᠠᠷ ᠲᠤ ᠮᠡᠳᠡᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠥᠷᠪᠡᠳᠦᠭᠡᠷ ᠳᠡᠰ ᠤᠨ ᠴᠤᠤᠷᠢᠶᠠᠲᠤᠯ ᠢ ᠡᠬᠢᠯᠡᠭᠦᠯᠵᠦ᠂ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠭᠠᠨ ᠰᠤᠷᠭᠠᠯᠲᠠ ᠶᠢᠨ ᠤᠳᠤᠷᠢᠳᠬᠤ ᠳᠤᠭᠤᠶᠢᠯᠠᠩ ᠪᠠᠶᠢᠭᠤᠯᠬᠤ ᠶᠢᠨ ᠬᠠᠮᠲᠤ ᠲᠤᠬᠠᠢ ᠶᠢᠨ ᠲᠠᠯᠠᠪᠤᠷ ᠤᠨ ᠵᠢᠯᠤᠭᠤᠳᠬᠤ ᠭᠠᠵᠠᠷ ᠢ ᠲᠣᠮᠢᠯᠠᠨ ᠮᠧᠩ ᠯᠢ ᠳ᠋ᠠ ᠮᠢᠶᠠᠨ ᠭᠧᠦ ᠳᠤ ᠣᠴᠢᠭᠤᠯᠵᠤ ᠠᠪᠤᠷᠠᠨ ᠲᠤᠰᠠᠯᠠᠬᠤ ᠠᠵᠢᠯ ᠢ ᠥᠷᠨᠢᠭᠦᠯᠪᠡ᠃ ᠳᠠᠷᠠᠭ᠎ᠠ ᠨᠢ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠂ ᠠᠶᠤᠯ ᠠᠴᠠ ᠠᠪᠤᠷᠠᠨ ᠲᠤᠰᠠᠯᠠᠬᠤ ᠳᠤᠭᠤᠶᠢᠯᠠᠩ᠂ ᠡᠮᠴᠢᠯᠡᠭᠡᠨ ᠤ ᠠᠪᠤᠷᠠᠨ ᠲᠤᠰᠠᠯᠠᠬᠤ ᠳᠤᠭᠤᠶᠢᠯᠠᠩ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠳᠤᠭᠤᠶᠢᠯᠠᠩ᠂ ᠤᠬᠠᠭᠤᠯᠤᠨ ᠮᠡᠳᠡᠭᠡᠯᠡᠬᠦ ᠳᠤᠭᠤᠶᠢᠯᠠᠩ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠳᠤᠭᠤᠶᠢᠯᠠᠩ᠂ ᠲᠤᠰᠬᠠᠢ ᠮᠡᠷᠭᠡᠵᠢᠯ ᠤᠨ ᠳᠤᠭᠤᠶᠢᠯᠠᠩ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠵᠡᠷᠭᠡ ᠨᠠᠢᠮᠠᠨ ᠳᠤᠭᠤᠶᠢᠯᠠᠩ ᠤᠨ ᠵᠣᠬᠢᠴᠠᠭᠤᠯᠭ᠎ᠠ ᠬᠠᠮᠵᠢᠯᠴᠠᠭ᠎ᠠ ᠳᠣᠣᠷ᠎ᠠ᠂ ᠡᠴᠦᠰ ᠲᠡᠭᠡᠨ ᠨᠢᠭᠡ ᠴᠠᠭ ᠤᠨ ᠣᠷᠴᠢᠮ ᠰᠣᠷᠢᠯᠲᠠ ᠶᠢᠨ ᠪᠥᠬᠦ ᠶᠠᠪᠤᠴᠠ ᠶᠢ ᠤᠷᠤᠭᠰᠢᠲᠠᠢ ᠥᠨᠳᠥᠷ ᠪᠦᠲᠦᠮᠵᠢᠲᠡᠶ ᠪᠠᠷ ᠪᠡᠶᠡᠯᠡᠭᠦᠯᠪᠡ᠃      ᠪᠦᠬᠦ᠋ᠢᠯᠡ ᠰᠣᠷᠢᠯᠲᠠ ᠶᠢᠨ ᠠᠵᠢᠯᠯᠠᠭ᠎ᠠ ᠶᠢ ᠵᠣᠬᠢᠰᠲᠠᠢ ᠵᠣᠬᠢᠶᠠᠨ ᠪᠠᠶᠢᠭᠤᠯᠵᠤ᠂ ᠴᠤᠤᠷᠢᠶᠠᠲᠤᠨ ᠳᠠᠭᠠᠬᠤ ᠨᠢ ᠲᠦᠷᠭᠡᠨ᠂ ᠬᠠᠮᠵᠢᠯᠴᠠᠭ᠎ᠠ ᠨᠢ ᠡᠮᠬᠢ ᠵᠢᠷᠤᠮ ᠲᠠᠢ᠂ ᠰᠢᠢᠳᠪᠦᠷᠢᠯᠡᠭᠰᠡᠨ ᠨᠢ ᠪᠦᠲᠦᠮᠵᠢᠲᠡᠶ ᠪᠠᠶᠢᠵᠤ᠂ ᠵᠢᠱᠢᠭᠰᠡᠨ ᠦᠷ᠎ᠡ ᠪᠦᠲᠦᠮᠵᠢ ᠶᠢ ᠣᠯᠣᠭᠰᠠᠨ ᠪᠠᠶᠢᠨ᠎ᠠ᠃ ᠲᠣᠰ ᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠳᠠᠭᠤᠷᠢᠶᠠᠮᠠᠯ ᠰᠣᠷᠢᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠮᠠᠨ ᠤ ᠰᠢᠶᠠᠨ ᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠴᠢᠳᠠᠪᠤᠷᠢ᠂ ᠲᠦᠷᠭᠡᠨ ᠲᠤᠰᠬᠠᠬᠤ ᠴᠢᠳᠠᠪᠤᠷᠢ᠂ ᠲᠤᠬᠠᠢ ᠶᠢᠨ ᠲᠠᠯᠠᠪᠠᠶ ᠶᠢᠨ ᠠᠪᠤᠷᠠᠨ ᠲᠤᠰᠠᠯᠠᠬᠤ ᠴᠢᠳᠠᠪᠤᠷᠢ ᠵᠢᠴᠢ ᠬᠠᠮᠵᠢᠯᠴᠠᠨ ᠪᠠᠶᠢᠯᠳᠤᠬᠤ ᠴᠢᠳᠠᠪᠤᠷᠢ ᠶᠢ ᠦᠨᠡᠨᠬᠦ ᠰᠢᠯᠭᠠᠨ ᠪᠠᠶᠢᠴᠠᠭᠠᠵᠤ᠂ ᠪᠣᠳᠠᠲᠤ ᠪᠠᠶᠢᠯᠳᠤᠭᠠᠨ ᠤ ᠲᠤᠷᠰᠢᠯᠭ᠎ᠠ ᠪᠠᠨ ᠳ᠋ᠦᠩᠨᠡᠬᠦ ᠪᠠ ᠠᠵᠢᠯ ᠤᠨ ᠳᠤᠮᠳᠠ ᠬᠦᠷᠦᠯᠴᠡᠬᠦ ᠦᠭᠡᠢ ᠪᠠᠶᠢᠭ᠎ᠠ ᠠᠰᠠᠭᠤᠳᠠᠯ ᠢ ᠡᠷᠢᠵᠦ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠦᠷᠢᠯᠡᠵᠦ᠂ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ (ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ)              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号