ᠲᠦᠷᠦ ᠶᠢᠨ ᠶᠠᠪᠤᠳᠠᠯ ᠤᠨ ᠬᠤᠷᠢᠶ᠎ᠠ ︽ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠭᠠᠷᠴᠠᠭ ᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠲᠣᠭᠲᠠᠭᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/5/13
     ᠴᠢᠬᠤᠯᠠ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ᠦᠢᠯᠡᠳᠬᠦᠨ ᠤ ᠣᠷᠣᠬᠤ ᠶᠢ ᠵᠥᠪᠰᠢᠶᠡᠷᠡᠬᠦ ᠬᠠᠮᠢᠶᠠᠷᠤᠯᠲᠠ ᠪᠠ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠵᠢᠴᠢ ᠣᠯᠠᠨ ᠨᠡᠶᠢᠲᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠲᠦᠷᠦᠭᠦᠬᠡᠨ︽ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠭᠠᠷᠴᠠᠭ ᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠲᠣᠭᠲᠠᠭᠠᠯ︾  ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃      ︽ᠲᠣᠭᠲᠠᠭᠠᠯ︾ ᠳᠤ᠂ ᠬᠦᠢᠲᠡᠨ ᠭᠡᠪᠰᠢᠭᠦᠯᠭᠡᠲᠦ ᠬᠠᠪᠢᠰᠤᠲᠤ ᠰᠢᠷᠪᠦᠰᠦ ᠪᠣᠯᠣᠳ᠂ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ ᠳᠠᠷᠤᠯᠲᠠ ᠶᠢ ᠲᠣᠬᠢᠷᠠᠭᠤᠯᠤᠭᠴᠢ᠂ ᠪᠣᠯᠣᠳ ᠳᠡᠭᠡᠰᠦ᠂ ᠨᠠᠭᠠᠮᠠᠯ ᠬᠠᠪᠲᠠᠰᠤ᠂ ᠨᠠᠷᠢᠯᠢᠭ  ᠬᠠᠪᠲᠠᠰᠤ᠂ ᠠᠶᠤᠯᠭᠦᠢ ᠮᠠᠯᠠᠭᠠᠢ ᠵᠡᠷᠭᠡ 6 ᠵᠦᠢᠯ ᠤᠨ ᠦᠢᠯᠡᠳᠬᠦᠨ ᠳᠤ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠦᠢᠯᠡᠳᠬᠦᠨ ᠨᠡᠶᠢᠲᠡ 14 ᠲᠥᠷᠥᠯ 27 ᠵᠦᠢᠯ ᠪᠤᠶ᠃ ᠡᠭᠦᠨ ᠤ ᠬᠠᠮᠲᠤ᠂ ᠬᠢᠮᠢ ᠶᠢᠨ ᠪᠣᠷᠳᠣᠭᠤᠷ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠢ ᠮᠡᠳᠡᠭᠳᠡᠬᠦ ᠠᠮᠠᠯᠠᠯᠲᠠ ᠬᠢᠬᠦ ᠪᠠᠶᠢᠭᠰᠠᠨ ᠢ ︽ᠤᠷᠢᠳ ᠢᠶᠠᠷ ᠬᠢᠨᠠᠨ ᠬᠠᠷᠭᠤᠭᠤᠯᠵᠤ ᠳᠠᠷᠠᠭ᠎ᠠ ᠨᠢ ᠦᠨᠡᠮᠯᠡᠯ ᠣᠯᠭᠤᠬᠤ︾ ᠬᠢᠨᠠᠨ ᠵᠥᠪᠰᠢᠶᠡᠷᠡᠯ ᠪᠣᠯᠭᠠᠨ ᠲᠣᠬᠢᠷᠠᠭᠤᠯᠤᠨ᠎ᠠ ᠭᠡᠵᠦ ᠳᠤᠷᠠᠳᠪᠠ᠃      ︽ᠲᠣᠭᠲᠠᠭᠠᠯ︾ ᠳᠤ᠂ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠬᠢᠨᠠᠨ ᠵᠥᠪᠰᠢᠶᠡᠷᠡᠬᠦ ᠳᠤ᠂ ᠮᠤᠵᠢ ᠶᠢᠨ ᠱᠠᠲᠤᠨ ᠤ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠬᠡᠷᠡᠭᠵᠢᠭᠦᠯᠦᠨ᠎ᠡ᠂ ᠬᠤᠯᠪᠣᠭᠳᠠᠯ ᠪᠦᠬᠦᠢ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ ᠢ ᠳᠣᠷᠣᠭᠰᠢ ᠪᠠᠭᠤᠯᠭᠠᠵᠤ ᠪᠤᠯᠬᠤ ᠦᠭᠡᠢ ᠭᠡᠵᠦ ᠲᠣᠳᠣᠷᠬᠠᠶᠢᠯᠠᠪᠠ᠃      ︽ᠲᠣᠭᠲᠠᠭᠠᠯ︾ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠦᠢᠲᠡᠨ ᠭᠡᠪᠰᠢᠭᠦᠯᠭᠡᠲᠦ ᠬᠠᠪᠢᠰᠤᠲᠤ ᠰᠢᠷᠪᠦᠰᠦ ᠪᠣᠯᠣᠳ ᠵᠡᠷᠭᠡ 6 ᠵᠦᠢᠯ ᠤᠨ ᠦᠢᠯᠡᠳᠬᠦᠨ ᠦᠢᠯᠡᠳᠪᠦᠷᠢᠯᠡᠬᠦ  ᠵᠥᠪᠰᠢᠶᠡᠷᠡᠯ ᠤᠨ ᠦᠨᠡᠮᠯᠡᠯ ᠢ ᠬᠡᠷᠡᠭᠵᠢᠭᠦᠯᠬᠦ ᠨᠠᠷᠢᠨ ᠳᠦᠷᠢᠮ ᠢ ᠳᠠᠷᠤᠶᠢᠬᠠᠨ ᠲᠣᠭᠲᠠᠭᠠᠬᠤ ᠶᠢᠨ ᠬᠠᠮᠲᠤ ᠰᠢᠯᠵᠢᠯᠲᠡ ᠶᠢᠨ ᠬᠤᠭᠤᠴᠠᠭ᠎ᠠ ᠶᠢ ᠲᠣᠳᠣᠷᠬᠠᠶᠢᠯᠠᠵᠤ᠂ 2024 ᠣᠨ ᠤ 9 ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃ ᠮᠤᠵᠢ ᠶᠢᠨ ᠱᠠᠲᠤᠨ ᠤ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠨ ᠵᠥᠪᠰᠢᠶᠡᠷᠡᠬᠦ ᠬᠠᠮᠢᠶᠠᠷᠤᠯᠲᠠ ᠪᠠᠨ ᠴᠢᠩᠳᠠᠯᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠤᠴᠢᠷ ᠶᠠᠪᠤᠳᠠᠯ ᠤᠨ ᠡᠮᠦᠨᠡᠬᠢ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠣᠬᠢᠴᠠᠭᠤᠯᠤᠨ ᠬᠠᠮᠵᠢᠯᠴᠠᠬᠤ ᠪᠠᠨ ᠰᠠᠶᠢᠲᠤᠷ ᠬᠢᠵᠦ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号