ᠦᠴᠦᠸᠠᠨ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/14
     ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ  ᠨᠢ ᠬᠠᠷᠠᠭᠠᠯᠵᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠡᠬᠡᠴᠦᠦᠯ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠦᠴᠦᠸᠠᠨ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠬᠥᠬᠡᠬᠤᠲᠠ ᠶᠢᠨ ᠪᠦᠦ ᠯᠢᠶᠠᠩ ᠠᠮᠢ ᠠᠬᠤᠢ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠦᠴᠦᠸᠠᠨ ᠰᠢᠶᠠᠨ ᠤ ᠭᠤᠸᠠᠩ ᠷᠥᠩ ᠬᠦᠷᠢᠶᠡᠯᠡᠩ ᠳᠤ ᠬᠦᠷᠴᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠡᠨᠡᠬᠦ ᠬᠠᠯᠠᠭᠤᠨ ᠳᠤᠯᠠᠭᠠᠨ ᠪᠠ ᠠᠴᠢ ᠬᠠᠷᠢᠭᠤᠯᠠᠬᠤ ᠡᠳᠦᠷ ᠲᠤ᠂ ᠭᠤᠸᠠᠩ ᠷᠥᠩ ᠬᠦᠷᠢᠶᠡᠯᠡᠩ ᠤᠨ ᠠᠬᠠᠮᠠᠳ ᠴᠡᠷᠢᠭ ᠵᠢᠴᠢ ᠭᠡᠷ ᠪᠦᠯᠢ ᠶᠢᠨ ᠬᠢᠨ ᠳᠤ ᠪᠠᠶᠠᠷ ᠤᠨ ᠡᠳᠦᠷ ᠤᠨ ᠲᠣᠬᠤᠨᠢᠭᠤᠯᠤᠯ ᠪᠠ ᠵᠥᠩᠨᠡᠯ ᠳᠡᠪᠰᠢᠭᠦᠯᠵᠡᠢ᠃      ᠦᠴᠦᠸᠠᠨ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠣᠯᠣᠨ ᠬᠥᠬᠡᠬᠤᠲᠠ ᠶᠢᠨ ᠪᠦᠦ ᠯᠢᠶᠠᠩ ᠠᠮᠢ ᠠᠬᠤᠢ ᠶᠢᠨ ᠬᠢᠵᠠᠭᠠᠷᠲᠤ ᠺᠣᠮᠫᠠᠨᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠤᠲᠠᠶᠢᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠭᠰᠡᠨ ᠪᠥᠭᠡᠳ ᠲᠤᠬᠠᠢ ᠶᠢᠨ ᠲᠠᠯᠠᠪᠤᠷ ᠤᠨ ᠨᠠᠰᠤᠲᠠᠶᠢᠴᠤᠳ ᠲᠤ ᠬᠥᠮᠥᠨ ᠪᠦᠷᠢ ᠳᠤ ᠨᠢᠭᠡ ᠪᠠᠭᠴᠠ ᠰᠣᠷᠭᠤᠭ ᠴᠡᠴᠡᠭ᠂ ᠨᠢᠭᠡ ᠬᠤᠪᠢ ᠪᠡᠯᠡᠭ ᠬᠦᠷᠭᠡᠵᠦ᠂ ᠨᠠᠰᠤᠲᠠᠳ ᠲᠤ ᠬᠠᠯᠠᠭᠤᠨ ᠳᠣᠲᠣᠨᠣᠰᠤᠭ ᠢᠶᠠᠷ᠄ ︽ᠪᠠᠶᠠᠷ ᠤᠨ ᠡᠳᠦᠷ ᠲᠤ ᠲᠠᠨ ᠤ ᠵᠣᠯ ᠵᠢᠷᠭᠠᠯ ᠠᠮᠤᠷ ᠠᠮᠤᠭᠤᠯᠠᠩ ᠪᠠᠢᠬᠤ ᠶᠢ ᠪᠡᠯᠭᠡᠯᠡᠶ᠎ᠡ︕︾ ᠭᠡᠵᠠᠢ᠃      ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠭᠤᠸᠠᠩ ᠷᠥᠩ ᠬᠦᠷᠢᠶᠡᠯᠡᠩ ᠤᠨ ᠨᠠᠰᠤᠲᠠᠶᠢᠴᠤᠳ ᠲᠤ ᠠᠯᠪᠠᠨ ᠵᠢᠷᠤᠮ ᠤᠨ ᠦᠰᠦ ᠵᠠᠰᠠᠵᠤ ᠥᠭᠪᠡ᠃ ᠨᠢᠭᠡ ᠰᠠᠨᠳᠠᠯᠢ᠂ ᠨᠢᠭᠡ ᠪᠦᠲᠡᠭᠡᠯᠭᠡ᠂ ᠨᠢᠭᠡ ᠬᠠᠶᠢᠴᠢ᠂ ᠨᠢᠭᠡ ᠥᠰᠦᠨ ᠤ ᠮᠠᠰᠢᠨ ᠢᠶᠠᠷ ᠤᠳᠠᠯ ᠦᠭᠡᠢ ᠶᠡᠭᠡ ᠲᠢᠩᠬᠢᠮ ᠳᠤ ᠨᠢᠭᠡᠨ ᠳᠥᠭᠦᠮᠬᠡᠨ ᠦᠰᠦ ᠵᠠᠰᠠᠬᠤ ᠲᠠᠰᠤᠭ ᠪᠤᠰᠭᠠᠵᠠᠢ᠃ ᠰᠠᠶᠢᠨ ᠳᠤᠷ᠎ᠠ ᠶᠢᠨ ᠦᠢᠯᠡᠴᠢᠯᠡᠭᠴᠢᠳ ᠪᠣᠯᠪᠠᠰᠤᠷᠠᠩᠭᠤᠢ᠂ ᠨᠠᠷᠢᠨ ᠬᠢᠨᠠᠮᠠᠭᠠᠢ ᠠᠵᠢᠯᠯᠠᠵᠤ᠂ ᠨᠠᠰᠤᠲᠠᠶᠢᠴᠤᠳ ᠤᠨ ᠱᠠᠭᠠᠷᠳᠠᠯᠭ᠎ᠠ ᠶᠢ ᠬᠦᠯᠢᠴᠡᠩᠭᠦᠢ ᠪᠠᠷ ᠯᠠᠪᠯᠠᠨ ᠠᠰᠠᠭᠤᠵᠤ᠂ ᠨᠠᠰᠤᠲᠠᠶᠢᠴᠤᠳ ᠲᠤ ᠰᠡᠳᠬᠢᠯ ᠬᠠᠨᠤᠮᠵᠢᠲᠠᠶ ᠦᠰᠦᠨ ᠬᠡᠯᠪᠡᠷᠢ ᠶᠢ ᠰᠡᠳᠬᠢᠯ ᠲᠠᠯᠪᠢᠨ ᠵᠠᠰᠠᠵᠤ ᠥᠭᠪᠡ᠃      ᠲᠣᠰ ᠤᠳᠠᠭᠠᠨ ᠤ ᠠᠵᠢᠯᠯᠠᠭ᠎ᠠ ᠨᠢ ᠨᠠᠰᠤᠲᠠᠶᠢᠴᠤᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠦᠨᠵᠡᠭᠡᠢ ᠮᠡᠳᠡᠷᠡᠭᠦᠯᠵᠦ᠂ ︽ᠴᠡᠷᠢᠭ ᠨᠢ ᠠᠷᠠᠳ ᠢᠶᠠᠨ ᠬᠠᠶᠢᠷᠠᠯᠠᠵᠤ᠂ ᠠᠷᠠᠳ ᠨᠢ ᠴᠡᠷᠢᠭ ᠢᠶᠠᠨ ᠬᠦᠷᠢᠶᠡᠯᠡᠵᠦ᠂ ᠴᠡᠷᠢᠭ ᠠᠷᠠᠳ ᠨᠢᠭᠡ ᠭᠡᠷ ᠤᠨ ᠬᠥᠮᠥᠨ ᠮᠡᠲᠦ ᠳᠣᠲᠣᠨᠣ︾ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠵᠠᠯᠭᠠᠭᠠᠳ᠂ ᠦᠴᠦᠸᠠᠨ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠦᠷᠭᠦᠯᠵᠢᠯᠡᠨ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠪᠠᠷᠢᠮᠲᠠᠯᠠᠵᠤ᠂ ᠴᠡᠷᠢᠭ ᠬᠥᠮᠥᠨ ᠴᠡᠷᠢᠭ ᠤᠨ ᠭᠡᠷ ᠪᠦᠯᠢ ᠶᠢᠨ ᠢᠷᠠᠭᠤ ᠠᠯᠳᠠᠷᠲᠤ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号