ᠲᠦᠷᠦᠭᠦᠦ ᠤᠯᠠᠷᠢᠯ ᠳᠤ ᠮᠠᠨ ᠤ ᠣᠷᠣᠨ ᠤ ᠡᠨᠧᠷᠭᠢ ᠶᠢᠨ ᠠᠵᠤ ᠠᠬᠤᠢ ᠲᠣᠭᠲᠠᠭᠤᠨ ᠤ ᠳᠤᠮᠳᠠ ᠳᠠᠪᠠᠯᠲᠠ ᠲᠠᠢ ᠬᠥᠭᠵᠢᠵᠡᠢ
ᠨᠡᠶᠢᠲᠡᠯᠡᠭᠰᠡᠨ ᠴᠠᠭ᠄
2024/5/14
     ᠲᠦᠷᠦᠭᠦᠦ ᠤᠯᠠᠷᠢᠯ ᠳᠤ ᠮᠠᠨ ᠤ ᠣᠷᠣᠨ ᠤ ᠡᠨᠧᠷᠭᠢ ᠶᠢᠨ ᠭᠤᠣᠯ ᠦᠢᠯᠡᠳᠬᠦᠨ ᠤ ᠭᠠᠷᠤᠯᠲᠠ ᠲᠣᠭᠲᠠᠭᠤᠨ  ᠢᠶᠠᠷ ᠨᠡᠮᠡᠭᠳᠡᠵᠦ᠂  ᠡᠨᠧᠷᠭᠢ ᠶᠢᠨ ᠠᠵᠤ ᠠᠬᠤᠢ ᠲᠣᠭᠲᠠᠭᠤᠨ ᠤ ᠳᠤᠮᠳᠠ ᠳᠠᠪᠠᠯᠲᠠ ᠲᠠᠢ ᠪᠠᠶᠢᠵᠤ᠂  ᠪᠦᠭᠦ ᠣᠷᠣᠨ  ᠤ ᠠᠵᠤ ᠠᠬᠤᠢ ᠳᠤ ᠦᠵᠡᠭᠦᠯᠭᠦ  ᠬᠤᠪᠢ  ᠨᠡᠮᠡᠷᠢ ᠲᠠᠰᠤᠷᠠᠯᠲᠠ ᠦᠭᠡᠢ ᠳᠡᠭᠡᠭᠰᠢᠯᠡᠨ᠂ ᠡᠨᠧᠷᠭᠢ ᠶᠢᠨ ᠪᠦᠭᠦ ᠣᠷᠣᠨ ᠤ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ ᠳᠤ ᠡᠷᠴᠢᠮᠲᠡᠢ ᠦᠢᠯᠡᠳᠦᠯ ᠦᠵᠡᠭᠦᠯᠪᠡ᠃      ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠲᠤ ᠦᠵᠡᠭᠦᠯᠭᠦ ᠬᠤᠪᠢ ᠨᠡᠮᠡᠷᠢ ᠦᠷᠭᠦᠯᠵᠢᠯᠡᠨ ᠳᠡᠭᠡᠭᠰᠢᠯᠡᠪᠡ᠃  ᠲᠦᠷᠦᠭᠦᠦ ᠤᠯᠠᠷᠢᠯ ᠳᠤ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.4% ᠪᠠᠷ  ᠨᠡᠮᠡᠭᠳᠡᠵᠦ᠂ 1 - 2 ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.4 ᠬᠤᠪᠢ ᠳᠡᠭᠡᠭᠰᠢᠯᠡᠵᠦ᠂ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 39% ᠪᠠᠶᠢᠵᠤ᠂ 2023 ᠣᠨ ᠤ ᠬᠢ ᠠᠴᠠ ᠵᠠᠭᠤᠨ ᠤ ᠬᠠᠷᠢᠴᠠᠯ ᠢᠶᠠᠷ 3.2 ᠬᠤᠪᠢ ᠳᠡᠭᠡᠭᠰᠢᠯᠡᠵᠦ᠂ 1 - 2 ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 2.8 ᠬᠤᠪᠢ ᠳᠡᠭᠡᠭᠰᠢᠯᠡᠵᠡᠢ᠂ ᠡᠭᠦᠨ ᠳᠤ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.1% ᠪᠠᠷ  ᠨᠡᠮᠡᠭᠳᠡᠵᠦ᠂ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 3.7 ᠬᠤᠪᠢ ᠥᠨᠳᠥᠷ ᠪᠣᠯᠵᠤ᠂ 1 - 2 ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.8 ᠬᠤᠪᠢ ᠲᠡᠭᠡᠭᠰᠢᠯᠡᠵᠠᠢ; ᠴᠠᠭᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.5%   ᠪᠠᠷ ᠨᠡᠮᠡᠭᠳᠡᠵᠦ᠂ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ  ᠤ ᠬᠠᠷᠢᠴᠠᠯ ᠢᠶᠠᠷ 6.7 ᠬᠤᠪᠢ  ᠥᠨᠳᠥᠷ  ᠪᠣᠯᠤᠭᠰᠠᠨ ᠪᠠᠶᠢᠨ᠎ᠠ᠃      ᠰᠢᠨ᠎ᠡ ᠡᠨᠧᠷᠭᠢ ᠶᠢᠨ ᠬᠥᠭᠵᠢᠯᠲᠡ ᠰᠢᠨ᠎ᠡ ᠳᠡᠭᠲᠡᠷ ᠲᠤ ᠭᠠᠷᠪᠠ᠃ ᠮᠠᠨ ᠤ ᠣᠷᠣᠨ ᠰᠢᠨ᠎ᠡ ᠡᠨᠧᠷᠭᠢ ᠶᠢᠨ ᠳᠠᠪᠠᠯᠲᠠ ᠬᠥᠭᠵᠢᠯᠲᠡ ᠶᠢ ᠴᠢᠩᠭ᠎ᠠ ᠠᠳᠬᠤᠬᠤ ᠶᠢ ᠪᠠᠷᠢᠮᠲᠠᠯᠠᠵᠤ᠂ ᠲᠦᠷᠦᠯ ᠵᠦᠢᠯ ᠤᠨ ᠬᠢᠨᠠᠨ ᠵᠥᠪᠰᠢᠶᠡᠷᠡᠬᠦ ᠠᠬᠢᠴᠠ ᠶᠢ ᠬᠤᠷᠳᠤᠳᠬᠠᠵᠤ᠂ ᠲᠦᠷᠦᠯ ᠵᠦᠢᠯ ᠤᠨ  ᠪᠠᠶᠢᠭᠤᠯᠤᠯᠲᠠ ᠶᠢ ᠲᠦᠷᠭᠡᠳᠬᠡᠨ᠂ ᠰᠢᠩᠭᠡᠬᠡᠨ ᠠᠪᠴᠤ ᠠᠰᠢᠭᠯᠠᠬᠤ ᠶᠢ ᠴᠢᠩᠭᠠᠳᠬᠠᠵᠤ᠂ ᠡᠨᠧᠷᠭᠢ ᠶᠢᠨ ᠪᠦᠲᠦᠴᠡ ᠶᠢᠨ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠬᠤᠷᠳᠤᠴᠠ ᠶᠢ ᠲᠠᠰᠤᠷᠠᠯᠳᠠ ᠦᠭᠡᠢ ᠲᠦᠷᠭᠡᠳᠬᠡᠪᠡ᠃ ᠰᠢᠨ᠎ᠡ ᠡᠨᠧᠷᠭᠢ ᠶᠢᠨ ᠰᠢᠨ᠎ᠡ ᠪᠠᠷ ᠲᠣᠣᠷ ᠲᠤ ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 739 ᠲᠦᠮᠡᠨ ᠺᠢᠯᠣᠸᠠᠲ ᠢ ᠳᠠᠪᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.6 ᠲᠠᠭᠢᠨ ᠰᠢᠬᠠᠮ ᠪᠣᠯᠵᠠᠢ᠃ 3 ᠰᠠᠷ᠎ᠠ ᠶᠢᠨ ᠰᠡᠭᠦᠯᠴᠢ ᠪᠤᠯᠲᠠᠯ᠎ᠠ᠂ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 10062 ᠲᠦᠮᠡᠨ ᠺᠢᠯᠣᠸᠠᠲ ᠲᠤ ᠬᠦᠷᠴᠦ᠂ ᠪᠦᠭᠦ ᠤᠯᠤᠰ ᠤᠨ ᠠᠩᠬᠠᠳᠠᠭᠴᠢ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ  ᠶᠢᠨ ᠬᠡᠪᠴᠢᠶ᠎ᠡ 1 ᠳ᠋ᠦᠩᠰᠢᠭᠤᠷ ᠺᠢᠯᠣᠸᠠᠲ ᠢ ᠳᠠᠪᠠᠭᠰᠠᠨ ᠮᠤᠵᠢ ᠣᠷᠣᠨ ᠪᠣᠯᠵᠤ᠂  ᠴᠠᠭᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠪᠦᠲᠦᠴᠡ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠡᠶᠢᠰᠢ ᠲᠦᠷᠭᠡᠨ ᠬᠥᠭᠵᠢᠬᠦ  ᠶᠢ ᠪᠠᠲᠤᠯᠠᠪᠠ᠃ ᠰᠢᠨ᠎ᠡ ᠡᠨᠧᠷᠭᠢ ᠶᠢᠨ ᠴᠠᠭᠢᠯᠭᠠᠨ ᠭᠠᠷᠭᠠᠭᠰᠠᠨ ᠬᠡᠮᠵᠢᠶ᠎ᠡ 520 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.7% ᠪᠠᠷ ᠨᠡᠮᠡᠭᠳᠡᠨ᠂ ᠪᠦᠭᠦ ᠴᠠᠭᠢᠯᠭᠠᠨ ᠭᠠᠷᠭᠠᠭᠰᠠᠨ ᠬᠡᠮᠵᠢᠶ᠎ᠡ  ᠶᠢᠨ 25.6% ᠶᠢ  ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 2.4 ᠬᠤᠪᠢ  ᠳᠡᠭᠡᠭᠰᠢᠯᠡᠵᠡᠢ᠃      ᠡᠨᠧᠷᠭᠢ ᠶᠢᠨ ᠭᠤᠣᠯ ᠦᠢᠯᠡᠳᠬᠦᠨ ᠤ ᠭᠠᠷᠤᠯᠲᠠ ᠲᠣᠭᠲᠠᠭᠤᠨ ᠢᠶᠠᠷ ᠨᠡᠮᠡᠭᠳᠡᠪᠡ᠃ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠭᠦᠷᠡᠰᠦᠨ ᠤ ᠭᠠᠷᠤᠯᠲᠠ 3.2 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠨ᠂ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 7 ᠬᠤᠪᠢ ᠥᠨᠳᠥᠷ ᠪᠣᠯᠵᠤ᠂ ᠪᠦᠭᠦ ᠤᠯᠤᠰ ᠲᠤ ᠲᠡᠷᠢᠭᠦᠯᠡᠪᠡ᠃ ᠪᠦᠭᠦ ᠣᠷᠣᠨ ᠤ ᠴᠠᠭᠢᠯᠭᠠᠨ ᠭᠠᠷᠭᠠᠭᠰᠠᠨ ᠬᠡᠮᠵᠢᠶ᠎ᠡ 2027 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.8% ᠪᠠᠷ ᠨᠡᠮᠡᠭᠳᠡᠨ᠂ ᠭᠠᠳᠠᠭᠰᠢ ᠬᠦᠷᠭᠡᠭᠰᠡᠨ ᠴᠠᠭᠢᠯᠭᠠᠨ ᠤ ᠬᠡᠮᠵᠢᠶ᠎ᠡ 778 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.7% ᠪᠠᠷ ᠨᠡᠮᠡᠭᠳᠡᠪᠡ᠃ ᠪᠦᠭᠦ ᠨᠡᠶᠢᠭᠡᠮ ᠤᠨ ᠴᠠᠭᠢᠯᠭᠠᠨ ᠬᠡᠷᠡᠭᠯᠡᠭᠰᠡᠨ ᠬᠡᠮᠵᠢᠶ᠎ᠡ 1304 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.3% ᠪᠠᠷ ᠨᠡᠮᠡᠭᠳᠡᠪᠡ᠃ ᠡᠭᠦᠨ ᠳᠤ᠂ ᠠᠵᠤ ᠦᠢᠯᠡᠳᠪᠦᠷᠢ ᠶᠢᠨ ᠴᠠᠭᠢᠯᠭᠠᠨ ᠬᠡᠷᠡᠭᠯᠡᠭᠰᠡᠨ ᠬᠡᠮᠵᠢᠶ᠎ᠡ 1135 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 13.5% ᠪᠠᠷ ᠨᠡᠮᠡᠭᠳᠡᠪᠡ᠃ 3 ᠰᠠᠷ᠎ᠠ ᠶᠢᠨ ᠰᠡᠭᠦᠯᠴᠢ ᠪᠤᠯᠲᠠᠯ᠎ᠠ᠂ ᠪᠦᠭᠦ ᠣᠷᠣᠨ ᠤ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ 2.2 ᠳ᠋ᠦᠩᠰᠢᠭᠤᠷ  ᠺᠢᠯᠣᠸᠠᠲ ᠲᠤ  ᠬᠦᠷᠴᠦ᠂ ᠠᠳᠠᠯᠢ ᠬᠤᠭᠤᠴᠠᠭᠠᠨ ᠤ ᠬᠢ ᠠᠴᠠ 25% ᠪᠠᠷ ᠨᠡᠮᠡᠭᠳᠡᠪᠡ᠃ ᠲᠦᠭᠦᠬᠡᠢ ᠴᠢᠯᠠᠭᠤᠨ ᠲᠣᠰᠣᠨ ᠤ ᠭᠠᠷᠤᠯᠲᠠ 80.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.6% ᠪᠠᠷ ᠨᠡᠮᠡᠭᠳᠡᠨ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ 88.8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ᠃ ᠨᠡᠭᠦᠷᠡᠰᠦ ᠪᠠᠷ ᠲᠣᠰᠣ ᠦᠢᠯᠡᠳᠬᠦ ᠭᠠᠷᠤᠯᠲᠠ 33.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.2% ᠢᠶᠠᠷ  ᠨᠡᠮᠡᠭᠳᠡᠵᠦ᠂ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠭᠠᠷᠤᠯᠲᠠ 9.0 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠦᠷᠴᠦ᠂ ᠠᠳᠠᠯᠢ ᠬᠤᠭᠤᠴᠠᠭᠠᠨ ᠤ ᠬᠢ ᠠᠴᠠ 27.6% ᠪᠠᠷ ᠨᠡᠮᠡᠭᠳᠡᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号