50 ᠭᠠᠷᠤᠢ ᠬᠤᠲᠠ ᠣᠷᠣᠨ ᠰᠠᠭᠤᠴᠠ ᠶᠢᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠶᠢ ᠳᠡᠮᠵᠢᠪᠡ
ᠨᠡᠶᠢᠲᠡᠯᠡᠭᠰᠡᠨ ᠴᠠᠭ᠄
2024/5/14
     2024 ᠣᠨ ᠳᠤ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠳᠤ ᠵᠣᠬᠢᠴᠠᠭᠤᠯᠬᠤ ᠶᠢᠨ ᠲᠥᠯᠥᠭᠡ᠂ ᠪᠦᠭᠦ ᠤᠯᠤᠰ ᠤᠨ ᠣᠯᠠᠨ ᠭᠠᠵᠠᠷ ᠤᠨ ᠬᠢᠨ ᠬᠤᠳᠠᠯᠳᠤᠨ ᠠᠪᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠪᠤᠶᠤ ᠲᠡᠭᠦᠨ ᠢ ᠬᠦᠴᠦᠨ ᠦᠭᠡᠢ ᠪᠣᠯᠭᠠᠪᠠ᠃      ᠪᠦᠷᠢᠳᠬᠡᠯ ᠢ ᠦᠨᠳᠦᠰᠦᠯᠡᠪᠡᠯ᠂ 5 ᠰᠠᠷ᠎ᠠ ᠶᠢᠨ 9 ᠤ ᠡᠳᠦᠷ ᠪᠤᠯᠲᠠᠯ᠎ᠠ᠂ ᠪᠦᠭᠦ ᠤᠯᠤᠰ ᠤᠨ 50 ᠭᠠᠷᠤᠢ ᠬᠤᠲᠠ ᠬᠤᠳᠠᠯᠳᠤᠨ ᠠᠪᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠪᠠᠨ ᠦᠭᠡᠶᠢᠰᠬᠡᠵᠡᠢ᠂ ᠡᠭᠦᠨ ᠳᠤ ᠰᠢ ᠠᠨ᠂ ᠴᠧᠩᠳᠦ᠋᠂ ᠬᠠᠩᠵᠧᠦ᠂ ᠹᠦᠸᠧᠱᠠᠨ᠂ ᠳ᠋ᠦᠩ ᠭᠤᠸᠠᠨ᠂ ᠰᠢᠶᠠᠮᠧᠨ᠂ ᠨᠠᠨᠵᠢᠩ᠂ ᠰᠦᠵᠧᠦ ᠵᠡᠷᠭᠡ 23 ᠬᠤᠲᠠ ᠬᠤᠳᠠᠯᠳᠤᠨ ᠠᠪᠬᠤ ᠶᠢ ᠬᠢᠵᠠᠭᠠᠷᠯᠠᠬᠤ ᠪᠠᠨ ᠪᠦᠭᠦ ᠲᠠᠯ᠎ᠠ ᠪᠠᠷ ᠬᠦᠴᠦᠨ ᠦᠭᠡᠢ ᠪᠤᠯᠭᠠᠵᠠᠢ᠃ ᠨᠢᠭᠡᠳᠦᠭᠡᠷ ᠳᠡᠰ ᠤᠨ ᠬᠤᠲᠠ ᠳᠤ ᠵᠢᠱᠢᠶᠡᠯᠡᠪᠡᠯ ᠪᠡᠭᠡᠵᠢᠩ ᠲᠠᠪᠤᠳᠤᠭᠠᠷ ᠲᠣᠭᠤᠷᠢᠯ ᠵᠠᠮ ᠠᠴᠠ ᠭᠠᠳᠠᠨ᠎ᠠ ᠣᠷᠣᠨ ᠰᠠᠭᠤᠴᠠ ᠬᠤᠳᠠᠯᠳᠤᠨ ᠠᠪᠬᠤ ᠬᠢᠵᠠᠭᠠᠷᠯᠠᠯ ᠢ ᠠᠭᠤᠵᠢᠭᠤ ᠲᠠᠯᠪᠢᠨ᠎ᠠ᠃ ᠱᠠᠩᠬᠠᠢ ᠬᠤᠳᠠ ᠭᠠᠭᠴᠠ ᠪᠡᠶ᠎ᠡ ᠶᠢᠨ ᠬᠢᠵᠠᠭᠠᠷᠯᠠᠯ ᠢᠶᠠᠨ ᠠᠭᠤᠵᠢᠭᠤ ᠪᠤᠯᠭᠠᠪᠠ᠃ ᠱᠧᠨᠵᠧᠨ ᠬᠤᠲᠠ ᠡᠷᠦᠭᠡ ᠠᠮᠠ ᠶᠢᠨ ᠬᠠᠷᠢᠶ᠎ᠠ ᠪᠤᠰᠤ ᠬᠥᠮᠥᠰ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠵᠢᠯ ᠬᠤᠭᠤᠴᠠᠭ᠎ᠠ ᠶᠢ ᠪᠣᠭᠤᠨᠢᠰᠬᠠᠵᠤ᠂ ᠣᠯᠠᠨ ᠬᠡᠦᠬᠡᠳ ᠲᠠᠢ ᠭᠡᠷ ᠪᠦᠯᠢ ᠳᠠᠭᠢᠨ ᠨᠢᠭᠡ ᠢᠵᠢ ᠭᠡᠷ ᠪᠠᠶᠢᠰᠢᠩ ᠬᠤᠳᠠᠯᠳᠤᠨ ᠠᠪᠬᠤ ᠶᠢ ᠵᠦᠪᠰᠢᠶᠡᠷᠡᠪᠡ᠃ ᠭᠤᠸᠠᠩᠵᠧᠦ 120 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ ᠵᠡᠷᠭᠡ ᠶᠢ ᠦᠭᠡᠶᠢᠰᠬᠡᠯ᠎ᠡ᠃      ᠬᠤᠳᠠᠯᠳᠤᠨ ᠠᠪᠬᠤ ᠶᠢ ᠬᠢᠵᠠᠭᠠᠷᠯᠠᠬᠤ ᠶᠢ ᠦᠭᠡᠶᠢᠰᠭᠡᠭᠦ ᠠᠴᠠ ᠭᠠᠳᠠᠨ᠎ᠠ᠂ ᠮᠠᠰᠢ ᠣᠯᠠᠨ ᠬᠤᠲᠠ ᠪᠠᠰᠠ ᠠᠳᠠᠯᠢ ᠪᠤᠰᠤ ᠬᠡᠮᠵᠢᠶ᠎ᠡ ᠪᠠᠷ ᠣᠷᠣᠨ ᠰᠠᠭᠤᠴᠠ ᠶᠢᠨ ᠲᠥᠷᠥ ᠶᠢᠨ ᠪᠣᠳᠣᠯᠭ᠎ᠠ ᠶᠢ ᠠᠭᠤᠵᠢᠭᠤ ᠲᠠᠯᠪᠢᠵᠤ ᠰᠢᠯᠢᠳᠡᠭᠵᠢᠭᠦᠯᠵᠡᠢ᠃ ᠣᠳᠣᠬᠠᠨ ᠪᠤᠯᠲᠠᠯ᠎ᠠ᠂ ᠪᠦᠭᠦ ᠤᠯᠤᠰ ᠲᠤ ᠨᠢᠭᠡᠨᠲᠡ 50 ᠭᠠᠷᠤᠢ ᠬᠤᠲᠠ ᠣᠷᠣᠨ ᠰᠠᠭᠤᠴᠠ ᠶᠢᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠶᠢ ᠳᠡᠮᠵᠢᠬᠦ ᠣᠪᠣᠷ ᠢᠶᠠᠨ ᠢᠯᠡᠷᠬᠡᠶᠢᠯᠡᠵᠦ᠂ ᠡᠭᠦᠨ ᠠᠴᠠ ᠭᠠᠳᠠᠨ᠎ᠠ ᠪᠠᠰᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠠᠭᠤᠵᠢᠭᠤ ᠪᠤᠯᠭᠠᠬᠤ᠂ ᠭᠡᠷ ᠪᠠᠶᠢᠰᠢᠩ ᠬᠤᠳᠠᠯᠳᠤᠨ ᠠᠪᠬᠤ ᠨᠥᠬᠦᠪᠦᠷᠢ᠂ ᠲᠦᠷᠦᠭᠦᠦ ᠢᠵᠢ ᠭᠡᠷ ᠪᠠᠶᠢᠰᠢᠩ ᠤᠨ ᠬᠤᠳᠠᠯᠳᠤᠭᠠᠨ ᠤ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠳᠣᠣᠷᠠᠳᠤ ᠬᠢᠵᠠᠭᠠᠷ ᠢ ᠬᠦᠴᠦᠨ ᠦᠭᠡᠢ ᠪᠤᠯᠭᠠᠬᠤ ᠵᠡᠷᠭᠡ ᠠᠷᠭ᠎ᠠ ᠬᠡᠮᠵᠢᠶ᠎ᠡ ᠳᠤᠷᠠᠳᠤᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号