ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠮᠣ ᠳ᠋ᠠᠶᠢᠲ᠋ᠠ  ᠶᠢᠨ ᠲᠠᠪᠴᠠᠩ ᠢ ᠲᠤᠷᠰᠢᠨ ᠠᠵᠢᠯᠯᠠᠭᠤᠯᠪᠠ
ᠨᠡᠶᠢᠲᠡᠯᠡᠭᠰᠡᠨ ᠴᠠᠭ᠄
2024/5/14
     ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠮᠠᠨ ᠤ ᠣᠷᠣᠨ ᠤ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠵᠤ᠂ ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠮᠣ ᠳ᠋ᠠᠶᠢᠲ᠋ᠠ ᠶᠢᠨ ᠲᠠᠪᠴᠠᠩ ᠢ ᠵᠢᠩᠬᠢᠨᠢ ᠪᠠᠷ ᠲᠤᠷᠰᠢᠨ ᠠᠵᠢᠯᠯᠠᠭᠤᠯᠪᠠ᠃      ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠮᠣ ᠳ᠋ᠠᠶᠢᠲ᠋ᠠ ᠶᠢᠨ ᠲᠠᠪᠴᠠᠩ ᠪᠣᠯ ︽ᠡᠪᠡᠰᠦᠨ ᠤ ᠦᠢᠯᠡᠰ ᠤᠨ ᠮᠡᠷᠭᠡᠵᠢᠯ ᠤᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ︾ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠂ ᠲᠣᠰ ᠲᠠᠪᠴᠠᠩ ᠢ ᠲᠤᠷᠰᠢᠨ ᠠᠵᠢᠯᠯᠠᠭᠤᠯᠤᠭᠰᠠᠨ ᠨᠢ ᠡᠪᠡᠰᠦᠨ ᠤ ᠦᠢᠯᠡᠰ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠠᠵᠤ ᠦᠢᠯᠡᠰ ᠤᠨ ᠬᠡᠯᠬᠢᠶ᠎ᠡ᠂ ᠮᠡᠷᠭᠡᠵᠢᠯ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠳᠤᠮᠳᠠ ᠣᠷᠣᠰᠢᠵᠤ ᠪᠠᠶᠢᠭ᠎ᠠ ᠬᠥᠭᠵᠢᠯᠲᠡ ᠶᠢᠨ ᠪᠠᠶᠢᠷᠢ ᠲᠣᠭᠲᠠᠭᠠᠯᠲᠠ ᠬᠢᠭᠡᠳ ᠳᠠᠪᠠᠭᠤᠯᠢᠭ ᠪᠠ ᠪᠠᠭᠤᠷᠠᠢ ᠲᠠᠯ᠎ᠠ ᠶᠢ ᠲᠣᠳᠣᠷᠬᠠᠶᠢᠯᠠᠬᠤ ᠳᠤ ᠠᠰᠢᠭᠲᠠᠢ ᠪᠠᠶᠢᠵᠤ᠂ ᠮᠠᠨ ᠤ ᠤᠯᠤᠰ ᠤᠨ ᠡᠪᠡᠰᠦᠨ ᠤ ᠡᠭᠦᠯᠳᠡᠷ ᠢ ᠰᠣᠩᠭᠤᠨ ᠪᠣᠶᠢᠵᠢᠭᠤᠯᠬᠤ᠂ ᠴᠠᠷᠭᠠᠰᠤ ᠦᠢᠯᠡᠳᠪᠦᠷᠢᠯᠡᠵᠦ ᠡᠳ᠋ᠰᠢᠭᠦᠯᠬᠦ ᠮᠡᠷᠭᠡᠵᠢᠯ ᠢ ᠰᠤᠳᠤᠯᠤᠨ ᠨᠡᠭᠡᠭᠡᠬᠦ᠂ ᠲᠤᠰᠬᠠᠢ ᠠᠰᠢᠭ ᠤᠨ ᠪᠠᠶᠢᠷᠢᠰᠢᠭᠤᠯᠤᠯᠲᠠ ᠶᠢᠨ ᠵᠠᠭᠪᠤᠷ ᠪᠠ ᠲᠤᠰᠬᠠᠢ ᠠᠰᠢᠭ ᠤᠨ ᠡᠵᠡᠩᠨᠡᠯᠲᠡ ᠶᠢᠨ ᠠᠷᠭ᠎ᠠ ᠪᠣᠳᠣᠯᠭ᠎ᠠ ᠳᠤ ᠠᠰᠢᠭᠲᠠᠢ ᠵᠢᠯᠣᠭᠤᠳᠤᠮᠵᠢ ᠪᠠ ᠲᠤᠯᠭᠠᠭᠤᠷᠢᠯᠠᠯ ᠬᠠᠩᠭᠠᠬᠤ ᠪᠣᠯᠣᠨ᠎ᠠ᠃      ᠣᠶᠢᠯᠠᠭᠠᠭᠰᠠᠨ ᠢᠶᠠᠷ᠂ ᠣᠳᠣᠬᠠᠨ ᠪᠤᠯᠲᠠᠯ᠎ᠠ ︽ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠮᠣ ᠳ᠋ᠠᠶᠢᠲ᠋ᠠ ᠶᠢᠨ ᠲᠠᠪᠴᠠᠩ︾ ᠨᠢ ᠪᠦᠭᠦ ᠳᠡᠯᠡᠬᠡᠢ ᠶᠢᠨ ᠲᠠᠸᠠᠷ ᠤᠨ ᠲᠡᠮᠳᠡᠭ᠂ ᠪᠠᠷᠢᠮᠵᠢᠶ᠎ᠠ᠂ ᠥᠭᠦᠯᠡᠯ ᠵᠡᠷᠭᠡ 7 ᠲᠥᠷᠥᠯ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠴᠤᠭᠯᠠᠭᠤᠯᠵᠤ᠂ ᠠᠵᠤ ᠦᠢᠯᠡᠰ ᠤᠨ ᠰᠢᠨ᠎ᠡ ᠶᠢ ᠡᠭᠦᠳᠬᠦ ᠭᠤᠣᠯ ᠴᠣᠭᠴᠠ ᠳᠤ ᠦᠨ᠎ᠡ ᠲᠥᠯᠥᠪᠦᠷᠢ ᠦᠭᠡᠢ ᠪᠠᠷ ᠪᠠᠶᠢᠴᠠᠭᠠᠨ ᠦᠵᠡᠬᠦ ᠪᠠ ᠪᠠᠭᠤᠯᠭᠠᠨ ᠠᠪᠬᠤ ᠦᠢᠯᠡᠴᠢᠯᠡᠭᠡ ᠬᠠᠩᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦᠨ ᠨᠡᠮᠡᠷᠢᠯᠡᠵᠦ ᠪᠠᠶᠢᠨ᠎ᠠ᠃ ᠭᠤᠣᠯᠳᠠᠭᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠭᠦᠳᠦᠨ ᠪᠦᠲᠦᠭᠡᠯᠲᠡ᠂ ᠡᠵᠡᠩᠨᠡᠯᠲᠡ᠂ ᠬᠠᠮᠠᠭᠠᠯᠠᠯᠲᠠ᠂ ᠬᠠᠮᠢᠶᠠᠷᠤᠯᠲᠠ ᠶᠢᠨ ᠲᠣᠭᠤᠷᠢᠨ ᠳᠤ ᠨᠢᠭᠡ ᠥᠷᠲᠡᠭᠡᠴᠢᠯᠡᠭᠰᠡᠨ ᠮᠠᠶ᠋ᠢᠭ ᠤᠨ ᠪᠦᠭᠦ ᠶᠠᠪᠤᠴᠠ ᠶᠢᠨ ᠦᠢᠯᠡᠴᠢᠯᠡᠭᠡ ᠬᠠᠩᠭᠠᠵᠤ᠂ ᠠᠵᠢᠯ ᠲᠥᠷᠥᠯ ᠤᠨ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠡᠬᠢ ᠪᠠᠶᠠᠯᠢᠭ ᠢ ᠵᠣᠯᠭᠠᠭᠤᠯᠤᠨ᠂ ᠥᠨᠳᠥᠷ ᠥᠷᠲᠡᠭ ᠪᠦᠬᠦᠢ ᠲᠤᠰᠬᠠᠢ ᠠᠰᠢᠭ ᠢ ᠡᠭᠦᠳᠴᠦ᠂ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号