3.44 ᠲᠦᠮᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ᠎ᠡ
ᠨᠡᠶᠢᠲᠡᠯᠡᠭᠰᠡᠨ ᠴᠠᠭ᠄
2024/5/15
     ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ 13 ᠤ ᠡᠳᠦᠷ 2024 ᠣᠨ ᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠶᠢ ᠨᠡᠶᠢᠲᠡᠯᠡᠵᠦ᠂ ᠡᠨᠡ ᠵᠢᠯ ᠲᠥᠪ ᠤᠨ ᠡᠳ᠋ ᠤᠨ ᠵᠠᠰᠠᠭ ᠠᠴᠠ 3.44 ᠲᠦᠮᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠵᠦ ᠦᠨᠳᠦᠰᠦᠨ ᠱᠠᠲᠤᠨ ᠳᠤ ᠣᠴᠢᠭᠤᠯᠤᠨ ᠰᠤᠷᠭᠠᠨ ᠬᠥᠮᠦᠵᠢᠯ ᠢ ᠳᠡᠮᠵᠢᠬᠦ᠂ ᠲᠠᠷᠢᠶᠠᠯᠠᠩ ᠢ ᠳᠡᠮᠵᠢᠬᠦ᠂ ᠡᠮ ᠡᠮᠨᠡᠯᠭᠡ ᠶᠢ ᠳᠡᠮᠵᠢᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ ᠠᠵᠢᠯᠯᠠᠭᠤᠯᠤᠨ᠎ᠠ᠂ ᠦᠢᠯᠡᠴᠢᠯᠡᠬᠦ ᠬᠤᠭᠤᠴᠠᠭ᠎ᠠ ᠨᠢ 2 ᠵᠢᠯ ᠪᠣᠯᠣᠨ᠎ᠠ ᠭᠡᠵᠦ ᠲᠣᠳᠣᠷᠬᠠᠢ ᠲᠣᠭᠲᠠᠭᠠᠪᠠ᠃      ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠵᠠᠩ ᠸᠧᠨ ᠮᠢᠶᠣᠣ ᠲᠠᠨᠢᠯᠴᠠᠭᠤᠯᠬᠤ ᠳᠠᠭᠠᠨ᠂ ᠡᠨᠡ ᠵᠢᠯ ᠤᠨ ᠡᠯᠰᠡᠬᠦ ᠲᠥᠯᠥᠪᠯᠡᠭᠡ ᠶᠢ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ᠂ ᠵᠡᠭᠦᠨ ᠬᠤᠶᠢᠲᠤ ᠣᠷᠣᠨ᠂ ᠬᠢᠯᠢ ᠬᠢᠵᠠᠭᠠᠷ ᠣᠷᠣᠨ᠂ ᠦᠨᠳᠦᠰᠦᠲᠡᠨ ᠤ ᠭᠠᠵᠠᠷ ᠣᠷᠣᠨ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠵᠡᠷᠭᠡ ᠲᠡᠶᠢᠰᠢ ᠬᠡᠯᠪᠡᠶᠢᠯᠭᠡᠨ᠎ᠡ᠃ ᠡᠯ᠎ᠡ ᠭᠠᠵᠠᠷ ᠤᠨ ᠬᠢᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠡᠷᠡᠭᠴᠡᠭᠡ ᠶᠢ ᠠᠬᠢᠭᠤᠯᠬᠤ ᠲᠠᠢ ᠨᠢᠭᠲᠠ ᠤᠶᠠᠯᠳᠤᠭᠤᠯᠵᠤ᠂ ᠦᠨᠳᠦᠰᠦᠨ ᠱᠠᠲᠤᠨ ᠤ ᠠᠵᠢᠯ ᠦᠢᠯᠡᠰ ᠤᠨ ᠬᠥᠭᠵᠢᠯᠲᠡ ᠶᠢᠨ ᠪᠠᠴᠢᠮ ᠬᠡᠷᠡᠭᠰᠡᠬᠦ ᠠᠵᠢᠯ ᠤᠨ ᠪᠠᠶᠢᠷᠢ ᠶᠢ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ᠂ 8 ᠰᠠᠷ᠎ᠠ ᠶᠢᠨ ᠰᠡᠭᠦᠯᠴᠢ ᠠᠴᠠ ᠡᠮᠦᠨ᠎ᠡ ᠡᠯᠰᠡᠨ ᠰᠣᠩᠭᠤᠬᠤ ᠠᠵᠢᠯ ᠢ ᠪᠡᠶᠡᠯᠡᠭᠦᠯᠵᠦ᠂ 9 ᠰᠠᠷ᠎ᠠ ᠶᠢᠨ ᠡᠬᠢ ᠪᠠᠷ ᠰᠢᠨ᠎ᠡ ᠪᠠᠷ ᠡᠯᠰᠡᠭᠰᠡᠨ ᠬᠥᠮᠥᠰ ᠤᠨ ᠠᠵᠢᠯ ᠤᠨ ᠪᠠᠶᠢᠷᠢ ᠳᠤ ᠭᠠᠷᠴᠤ ᠦᠢᠯᠡᠴᠢᠯᠡᠬᠦ ᠶᠢ ᠪᠠᠲᠤᠯᠠᠬᠤ ᠬᠡᠷᠡᠭᠲᠡᠢ ᠭᠡᠪᠡ᠃      ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠣᠶᠢᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠵᠠᠷᠤᠳᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠬᠥᠮᠥᠰ ᠤᠨ ᠠᠵᠢᠯ ᠠᠮᠢᠳᠤᠷᠠᠯ ᠤᠨ ᠨᠥᠬᠦᠪᠦᠷᠢ ᠶᠢ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠳᠤ ᠬᠦᠷᠭᠡᠬᠦ ᠶᠢᠨ ᠬᠠᠮᠲᠤ ᠰᠠᠷ᠎ᠠ ᠪᠦᠷᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠦᠨᠡᠨ ᠬᠦ ᠪᠠᠲᠤᠯᠠᠵᠤ᠂ ᠨᠢᠭᠡ ᠯᠡ ᠤᠳᠠᠭ᠎ᠠ ᠶᠢᠨ ᠴᠢᠨᠠᠷᠲᠠᠢ ᠭᠡᠷ ᠪᠦᠯᠢ ᠪᠠᠨ ᠲᠥᠪᠬᠢᠨᠡᠭᠦᠯᠬᠦ ᠵᠠᠷᠤᠳᠠᠯ ᠢ ᠨᠠᠶᠢᠳᠠᠪᠤᠷᠢᠵᠢᠭᠤᠯᠵᠤ᠂ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠵᠤ᠂ ᠬᠠᠲᠠᠭᠤᠵᠢᠯᠲᠠᠢ ᠠᠯᠤᠰ ᠬᠢᠵᠠᠭᠠᠷ ᠭᠠᠵᠠᠷ ᠣᠷᠣᠨ ᠤ ᠨᠡᠮᠡᠭᠦᠷᠢ ᠮᠥᠩᠭᠦ ᠣᠯᠭᠤᠬᠤ ᠬᠡᠷᠡᠭᠲᠡᠢ ᠭᠡᠵᠦ ᠱᠠᠭᠠᠷᠳᠠᠪᠠ᠃ ᠨᠥᠬᠦᠴᠡᠯ ᠲᠠᠢ ᠭᠠᠵᠠᠷ ᠣᠷᠣᠨ ᠨᠢ ᠲᠥᠷᠥ ᠶᠢᠨ ᠪᠣᠳᠣᠯᠭ᠎ᠠ ᠶᠢᠨ ᠪᠣᠷᠣ ᠲᠥᠯᠥᠪ ᠤᠨ ᠳᠣᠲᠣᠷ᠎ᠠ ᠪᠣᠳᠠᠲᠠᠢ ᠲᠠᠢ ᠪᠠᠨ ᠤᠶᠠᠯᠳᠤᠭᠤᠯᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠵᠤ᠂ ᠲᠣᠭᠲᠠᠭᠠᠯ ᠶᠣᠰᠣᠭᠠᠷ ᠨᠥᠬᠦᠪᠦᠷᠢ ᠡᠮᠴᠢᠯᠡᠭᠡ ᠪᠠ ᠬᠤᠳᠠᠯᠳᠤᠭᠠᠨ ᠤ ᠳᠠᠭᠠᠳᠬᠠᠯ ᠵᠡᠷᠭᠡ ᠶᠢ ᠭᠦᠢᠴᠡᠳᠬᠡᠵᠦ ᠪᠣᠯᠣᠨ᠎ᠠ ᠭᠡᠪᠡ᠃      ᠮᠡᠳᠡᠭᠳᠡᠯ ᠳᠤ ᠪᠠᠰᠠ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠬᠥᠮᠥᠰ ᠤᠨ ᠬᠥᠮᠦᠵᠢᠯ ᠪᠣᠯᠪᠠᠰᠤᠷᠠᠯ ᠢ ᠶᠡᠭᠡ ᠪᠠᠷ ᠴᠢᠩᠭᠠᠳᠬᠠᠵᠤ᠂ ᠴᠢᠳᠠᠪᠤᠷᠢ ᠶᠢ ᠳᠡᠭᠡᠭᠰᠢᠯᠡᠭᠦᠯᠭᠦ ᠲᠤᠰᠬᠠᠢ ᠲᠥᠯᠥᠪᠯᠡᠭᠡ ᠶᠢ ᠬᠡᠷᠡᠭᠵᠢᠭᠦᠯᠵᠦ᠂ ᠦᠨᠳᠦᠰᠦᠨ ᠱᠠᠲᠤᠨ ᠤ ᠬᠥᠭᠵᠢᠯᠲᠡ ᠶᠢ ᠠᠬᠢᠭᠤᠯᠬᠤ ᠳᠤᠮᠳᠠ ᠳᠠᠪᠲᠠᠨ ᠪᠣᠯᠪᠠᠰᠤᠷᠠᠬᠤ ᠶᠢ ᠵᠣᠷᠢᠬᠵᠢᠭᠤᠯᠤᠨ᠎ᠠ᠃ᠦᠢᠯᠡᠴᠢᠯᠡᠬᠦ ᠬᠤᠭᠤᠴᠠᠭ᠎ᠠ ᠨᠢ ᠳᠦᠭᠦᠷᠦᠭᠰᠡᠨ ᠬᠥᠮᠥᠰ ᠲᠤ ᠠᠵᠢᠯ ᠣᠯᠭᠤᠬᠤ ᠦᠢᠯᠡᠴᠢᠯᠡᠭᠡᠨ ᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠨᠳᠦᠰᠦᠨ ᠱᠠᠲᠤᠨ ᠤ ᠦᠯᠡᠳᠡᠭᠡᠨ ᠬᠡᠷᠡᠭᠯᠡᠬᠦ ᠠᠷᠭ᠎ᠠ ᠵᠠᠮ ᠢ ᠥᠷᠭᠡᠳᠬᠡᠨ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠬᠥᠮᠥᠰ ᠤᠨ ᠦᠨᠳᠦᠰᠦᠨ ᠱᠠᠲᠤᠨ ᠳᠤ ᠦᠨᠳᠦᠰᠦᠯᠡᠵᠦ ᠦᠰᠦᠨ ᠪᠣᠶᠢᠵᠢᠵᠤ ᠴᠢᠳᠠᠪᠤᠷᠢᠲᠠᠨ ᠪᠤᠯᠬᠤ ᠶᠢ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠠᠬᠢᠭᠤᠯᠤᠨ᠎ᠠ ᠭᠡᠵᠦ ᠳᠤᠷᠠᠳᠴᠠᠢ᠃      ᠣᠶᠢᠯᠠᠭᠠᠭᠰᠠᠨ ᠢᠶᠠᠷ᠂ 2021 ᠣᠨ ᠤ ᠳᠥᠷᠪᠡᠳᠦᠭᠡᠷ ᠡᠭᠡᠯᠵᠢ ᠶᠢᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠶᠢ ᠬᠡᠷᠡᠭᠵᠢᠭᠦᠯᠦᠭᠰᠡᠨ ᠠᠴᠠ ᠨᠠᠭᠠᠰᠢ᠂ ᠪᠦᠭᠦ ᠤᠯᠤᠰ ᠲᠤ ᠨᠢᠭᠡᠨᠲᠡ 12.17 ᠲᠦᠮᠡᠨ ᠲᠡᠭᠦᠰᠬᠦ ᠰᠣᠷᠣᠬᠴᠢ ᠶᠢ ᠦᠨᠳᠦᠰᠦᠨ ᠱᠠᠲᠤᠨ ᠳᠤ ᠲᠣᠮᠢᠯᠠᠨ ᠦᠢᠯᠡᠴᠢᠯᠡᠭᠦᠯᠵᠦ᠂ ᠵᠠᠯᠠᠭᠤᠴᠤᠳ ᠢ ᠬᠥᠲᠥᠯᠥᠨ ᠵᠢᠯᠤᠭᠤᠳᠴᠤ ᠵᠣᠷᠢᠭᠵᠢᠭᠤᠯᠵᠤ ᠪᠠᠶᠢᠭᠠᠳ ᠦᠨᠳᠦᠰᠦᠨ ᠱᠠᠲᠤᠨ ᠳᠤ ᠣᠴᠢᠭᠤᠯᠤᠨ ᠠᠵᠢᠯᠯᠠᠭᠤᠯᠬᠤ᠂ ᠦᠨᠳᠦᠰᠦᠨ ᠱᠠᠲᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠡᠷᠭᠡ ᠳᠤ ᠢᠳᠡᠪᠬᠢᠲᠡᠢ ᠦᠢᠯᠡᠳᠦᠯ ᠦᠵᠡᠭᠦᠯᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号