ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ︽ᠴᠠᠭ ᠠᠭᠤᠷ ᠢᠶᠠᠷ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠣᠯᠭᠤᠬᠤ ᠬᠡᠷᠡᠭᠵᠢᠭᠦᠯᠬᠦ ᠰᠠᠨᠠᠯ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2024/5/15
     ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ︽ᠴᠠᠭ ᠠᠭᠤᠷ ᠢᠶᠠᠷ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠣᠯᠭᠤᠬᠤ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠠᠮᠢᠳᠤᠷᠠᠯ ᠤᠨ ᠬᠥᠭᠵᠢᠯᠲᠡ᠂ ᠠᠮᠢ ᠠᠬᠤᠢ ᠶᠢᠨ ᠰᠡᠷᠭᠦᠯᠲᠡ ᠵᠡᠷᠭᠡ ᠶᠢ ᠪᠦᠭᠦ ᠲᠠᠯ᠎ᠠ  ᠪᠠᠷ ᠪᠠᠲᠤᠯᠠᠬᠤ ᠪᠠᠷ ᠬᠠᠷᠠᠯᠲᠠ ᠪᠣᠯᠭᠠᠨ᠂ ᠴᠠᠭ ᠠᠭᠤᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ  ᠶᠢᠨ ᠣᠳᠣᠬᠢᠴᠢᠯᠠᠯᠲᠠ ᠪᠠ ᠨᠡᠶᠢᠭᠡᠮ ᠤᠨ ᠦᠢᠯᠡᠴᠢᠯᠡᠭᠡᠨ ᠤ ᠣᠳᠣᠬᠢᠴᠢᠯᠠᠯᠲᠠ ᠶᠢ ᠲᠦᠷᠭᠡᠳᠬᠡᠬᠦ ᠪᠠᠷ ᠭᠠᠷᠳᠠᠴᠠ ᠪᠤᠯᠭᠠᠵᠤ᠂ ᠣᠷᠣᠨ ᠪᠦᠰᠡ ᠶᠢᠨ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠰᠢᠯᠢᠳᠡᠭᠵᠢᠭᠦᠯᠦᠯᠲᠡ ᠪᠣᠯᠣᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠬᠦᠴᠦᠨ ᠣᠯᠭᠤᠵᠤ᠂ ᠥᠪᠥᠷ ᠮᠣᠩᠭᠤᠯ ᠤᠨ ︽ᠲᠠᠪᠤᠨ ᠶᠡᠭᠡ ᠡᠭᠦᠷᠭᠡ︾ ᠪᠠᠨ ᠪᠡᠶᠡᠯᠡᠭᠦᠯᠬᠦ ᠳᠤ ᠰᠢᠨ᠎ᠡ ᠵᠢᠳᠬᠦᠯ ᠴᠢᠷᠮᠠᠶᠢᠯᠭ᠎ᠠ᠂ ᠰᠢᠨ᠎ᠡ ᠦᠷ᠎ᠡ ᠪᠦᠲᠦᠮᠵᠢ ᠦᠵᠡᠭᠦᠯᠦᠨ᠎ᠡ ᠭᠡᠵᠦ ᠳᠤᠷᠠᠳᠴᠠᠢ᠃      ︽ᠬᠡᠷᠡᠭᠵᠢᠭᠦᠯᠬᠦ ᠰᠠᠨᠠᠯ︾ ᠳᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠳᠤ ᠠᠭᠤᠰᠤᠯᠴᠠᠬᠤ ᠲᠠᠯ᠎ᠠ ᠪᠠᠷ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ︽ᠤᠮᠠᠷᠠᠲᠤ ᠶᠢᠨ ᠭᠤᠷᠪᠠᠨ ᠣᠷᠣᠨ︾᠂ ᠬᠥᠯᠥᠨ ᠨᠠᠭᠤᠷ᠂ ᠳᠠᠭ᠎ᠠ ᠶᠢᠨ ᠨᠠᠭᠤᠷ᠂ ᠤᠯᠠᠭᠠᠨᠰᠤᠬᠠᠢ᠂ ᠴᠠᠭᠠᠨᠨᠠᠭᠤᠷ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠬᠢᠨᠠᠨ ᠬᠡᠮᠵᠢᠵᠦ ᠦᠨᠡᠯᠡᠨ ᠵᠢᠱᠢᠬᠦ ᠴᠠᠭ ᠠᠭᠤᠷ ᠤᠨ ᠦᠢᠯᠡᠴᠢᠯᠡᠭᠡ ᠶᠢ ᠭᠦᠨᠵᠡᠭᠡᠢ ᠠᠬᠢᠭᠤᠯᠵᠤ᠂ ᠠᠯᠠᠱᠠ ᠠᠭᠤᠯᠠ᠂ ᠳᠠᠯᠠᠨ ᠬᠠᠷ᠎ᠠ ᠠᠭᠤᠯᠠ ᠵᠡᠷᠭᠡ ᠤᠯᠤᠰ ᠤᠨ ᠴᠡᠴᠡᠷᠯᠢᠭ ᠢ ᠡᠭᠦᠳᠦᠨ ᠪᠠᠶᠢᠭᠤᠯᠬᠤ ᠳᠤ ᠴᠠᠭ ᠠᠭᠤᠷ ᠤᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠴᠠᠭ ᠠᠭᠤᠷ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠳᠡᠮᠵᠢᠵᠤ᠂ ᠠᠭᠤᠷ ᠠᠮᠢᠰᠬᠤᠯ  ᠤᠨ ᠠᠮᠢ ᠠᠬᠤᠢ ᠶᠢᠨ ᠶᠠᠰᠤ ᠴᠢᠨᠠᠷ ᠢ ᠦᠨᠡᠯᠡᠨ ᠳᠡᠮᠵᠢᠬᠦ ᠡᠷᠴᠢᠮ ᠢ ᠴᠢᠩᠭᠠᠷᠠᠭᠤᠯᠤᠨ᠂ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠶᠢ ᠠᠬᠢᠭᠤᠯᠵᠤ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠨ᠎ᠡ᠃ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠠᠲᠤᠯᠠᠬᠤ ᠲᠠᠯ᠎ᠠ ᠪᠠᠷ᠂ ᠬᠢᠯᠢ ᠶᠢᠨ ᠴᠠᠭ ᠠᠭᠤᠷ ᠤᠨ ᠬᠤᠷᠢᠶ᠎ᠠ ᠥᠷᠲᠡᠭᠡ ᠶᠢᠨ ᠳᠠᠭᠠᠭᠤᠯᠢ ᠣᠳᠣ ᠳᠣᠬᠢᠭᠤᠷ ᠲᠤᠯᠤᠭᠠᠨ ᠣᠲᠣᠨ ᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠤᠭ᠎ᠠ ᠶᠢ ᠨᠡᠶᠢᠳᠡᠮ ᠪᠦᠷᠬᠦᠭᠦᠯᠬᠦ ᠶᠢ ᠠᠬᠢᠭᠤᠯᠵᠤ᠂ ᠣᠶᠤᠨᠴᠢ ᠤᠷᠢᠳᠴᠢᠯᠠᠨ ᠮᠡᠳᠡᠭᠡᠯᠡᠬᠦ ᠮᠡᠷᠭᠡᠵᠢᠯ ᠪᠠ ᠤᠷᠢᠳᠴᠢᠯᠠᠨ ᠮᠡᠳᠡᠭᠡᠯᠡᠵᠦ ᠲᠥᠰᠥᠭᠡᠯᠡᠬᠦ ᠰᠢᠰᠲ᠋ᠧᠮ ᠤᠨ ᠲᠠᠪᠴᠠᠩ ᠢ ᠤᠷᠢᠳ ᠢᠶᠠᠷ ᠳᠡᠯᠭᠡᠷᠡᠭᠦᠯᠦᠨ᠂ ︽ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ︾ ᠥᠷᠨᠢᠭᠦᠯᠬᠦ ᠶᠢ ᠳᠡᠮᠵᠢᠵᠦ᠂ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠣᠶᠤᠨᠴᠢᠯᠠᠵᠤ ᠲᠠᠰ ᠳᠡᠪᠰᠢᠬᠦ ᠶᠢ ᠠᠬᠢᠭᠤᠯᠤᠨ᠎ᠠ᠃ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠲᠠᠯ᠎ᠠ  ᠪᠠᠷ᠂ ᠰᠠᠯᠬᠢᠨ ᠬᠦᠴᠦ ᠨᠡᠷᠡᠨ ᠤ ᠡᠨᠧᠷᠭᠢ ᠶᠢᠨ ᠣᠶᠤᠨᠴᠢᠯᠠᠭᠰᠠᠨ ᠴᠠᠭ ᠠᠭᠤᠷ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠳᠡᠮᠵᠢᠵᠦ᠂ ᠲᠣᠮᠣ ᠭᠡᠯᠪᠡᠷᠢ ᠶᠢᠨ ᠰᠠᠯᠬᠢᠨ ᠬᠦᠴᠦᠨ ᠤ ᠭᠡᠷᠡᠯᠴᠢ ᠴᠡᠨᠡᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠳᠤ ᠴᠢᠨᠠᠷ ᠰᠠᠶᠢᠲᠠᠢ ᠴᠠᠭ ᠠᠭᠤᠷ ᠤᠨ ᠪᠠᠲᠤᠯᠠᠭ᠎ᠠ ᠬᠠᠩᠭᠠᠨ᠂ ᠨᠡᠭᠦᠷᠡᠰᠦ ᠴᠠᠭᠢᠯᠭᠠᠨ ᠴᠢᠯᠠᠭᠤᠨ ᠲᠣᠰᠣ ᠰᠢᠲᠠᠮᠠᠬᠠᠢ ᠬᠡᠢ ᠶᠢᠨ ᠦᠢᠯᠡᠳᠪᠦᠷᠢᠯᠡᠯ᠂ ᠲᠣᠬᠢᠷᠠᠭᠤᠯᠤᠯᠲᠠ᠂ ᠲᠡᠭᠡᠭᠡᠪᠦᠷᠢᠯᠡᠯᠲᠡ ᠶᠢᠨ ᠴᠠᠭ ᠠᠭᠤᠷ  ᠤᠨ ᠪᠠᠲᠤᠯᠠᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠰᠢᠰᠲ᠋ᠧᠮ ᠤᠨ ᠪᠠᠶᠢᠭᠤᠯᠤᠯᠲᠠ ᠳᠤ ᠦᠢᠯᠡᠴᠢᠯᠡᠨ᠎ᠡ ᠭᠡᠵᠦ ᠳᠤᠷᠠᠳᠴᠠᠢ᠃      ︽ᠬᠡᠷᠡᠭᠵᠢᠭᠦᠯᠬᠦ ᠰᠠᠨᠠᠯ︾ ᠳᠤ ᠪᠠᠰᠠ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠤᠯᠭᠠᠭᠤᠷᠢᠯᠠᠬᠤ ᠲᠠᠯ᠎ᠠ ᠪᠠᠷ᠂ ᠠᠮᠤ ᠪᠤᠳᠠᠭᠠᠨ ᠤ ᠦᠢᠯᠡᠳᠪᠦᠷᠢᠯᠡᠯ ᠤᠨ ᠪᠦᠭᠦ ᠶᠠᠪᠤᠴᠠ ᠶᠢᠨ ᠴᠠᠭ ᠠᠭᠤᠷ ᠤᠨ ᠭᠠᠮᠰᠢᠭ ᠢ ᠨᠠᠷᠢᠯᠢᠭᠵᠢᠭᠤᠯᠤᠨ ᠤᠷᠢᠳᠴᠢᠯᠠᠨ ᠮᠡᠳᠡᠭᠡᠯᠡᠬᠦ ᠪᠠ ᠠᠮᠤ ᠪᠤᠳᠠᠭᠠᠨ ᠤ ᠤᠨᠠᠯᠲᠠ ᠶᠢ ᠤᠷᠢᠳᠴᠢᠯᠠᠨ ᠮᠡᠳᠡᠭᠡᠯᠡᠬᠦ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢᠨ ᠠᠬᠤᠢ ᠪᠠᠶᠢᠳᠠᠯ ᠳᠣᠣᠷᠠᠬᠢ ᠮᠠᠯ ᠪᠡᠯᠴᠢᠭᠡᠷ ᠤᠨ ᠲᠡᠩᠴᠡᠭᠦᠷᠢ ᠬᠢᠭᠡᠳ ᠴᠠᠭ ᠠᠭᠤᠷ ᠤᠨ ᠨᠥᠬᠦᠴᠡᠯ ᠤᠨ ᠬᠠᠷᠢᠴᠠᠭᠠᠨ ᠤ ᠰᠤᠳᠤᠯᠤᠯ ᠢ ᠴᠢᠩᠭᠠᠳᠬᠠᠨ᠂ ᠮᠠᠯ ᠪᠡᠯᠴᠢᠭᠡᠷ ᠤᠨ ᠲᠡᠩᠴᠡᠭᠦᠷᠢ ᠶᠢᠨ ᠵᠢᠱᠢᠶ᠎ᠡ ᠦᠵᠡᠭᠦᠯᠭᠦ ᠰᠢᠶᠠᠨ ᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠨᠡᠷᠡᠨ ᠬᠤᠸᠠᠷ᠂ ᠲᠥᠮᠥᠰᠥ᠂ ᠲᠤᠲᠤᠷᠭ᠎ᠠ᠂ ᠦᠬᠡᠷ ᠬᠤᠨᠢᠨ ᠮᠢᠬ᠎ᠠ ᠵᠡᠷᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢᠨ ᠵᠡᠷᠭᠡ ᠳᠡᠰ ᠢ ᠦᠨᠡᠯᠡᠬᠦ ᠠᠵᠢᠯ ᠢ ᠳᠡᠮᠵᠢᠬᠦ ᠡᠷᠴᠢᠮ ᠢ ᠴᠢᠩᠭᠠᠷᠠᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠪᠠ ᠪᠣᠬᠢᠷᠳᠤᠯ ᠦᠭᠡᠢ ᠣᠷᠭᠠᠨᠢᠭ ᠲᠥᠷᠥᠯ ᠲᠡᠮᠳᠡᠭ ᠢ ᠴᠣᠭᠴᠠᠯᠠᠬᠤ ᠳᠤ ᠬᠦᠴᠦᠨ ᠨᠡᠮᠡᠷᠢᠯᠡᠨ᠎ᠡ᠃ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠲᠠᠯ᠎ᠠ ᠪᠠᠷ᠂ ᠡᠯᠡᠰᠦᠨ ᠰᠢᠭᠤᠷᠭ᠎ᠠ ᠶᠢᠨ ᠡᠬᠢ ᠰᠤᠷᠪᠤᠯᠵᠢ ᠶᠢ ᠬᠢᠨᠠᠨ ᠰᠢᠨᠵᠢᠬᠦ ᠪᠠ ᠶᠡᠷᠦᠩᠬᠡᠶᠢᠯᠡᠨ ᠵᠠᠰᠠᠬᠤ᠂ ᠠᠮᠢ ᠠᠬᠤᠢ ᠣᠷᠴᠢᠨ ᠲᠣᠭᠤᠷᠢᠨ ᠬᠢᠭᠡᠳ ᠠᠮᠢ ᠠᠬᠤᠢ ᠶᠢ ᠰᠡᠷᠭᠦᠭᠡᠬᠦ ᠵᠡᠷᠭᠡ ᠴᠥᠯᠯᠡᠷᠭᠡᠭᠵᠢᠯ ᠢ ᠰᠡᠷᠭᠡᠶᠢᠯᠡᠨ ᠵᠠᠰᠠᠬᠤ ᠬᠦᠷᠢᠶᠡᠨ ᠳᠠᠬᠢ ᠣᠯᠠᠨ ᠤᠯᠤᠰ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠳᠡᠮᠵᠢᠵᠤ᠂ ᠴᠠᠭ ᠠᠭᠤᠷ ᠤᠨ ᠬᠠᠮᠲᠤᠷᠠᠭᠰᠠᠨ ᠬᠢᠨᠠᠨ ᠬᠡᠮᠵᠢᠯᠲᠡ᠂ ᠤᠷᠢᠳᠴᠢᠯᠠᠨ ᠮᠡᠳᠡᠭᠡᠯᠡᠬᠦ ᠲᠣᠮᠣ ᠵᠠᠭᠪᠤᠷ᠂ ᠬᠥᠮᠥᠨ ᠤ ᠬᠦᠴᠦ ᠪᠠᠷ ᠴᠠᠭ ᠠᠭᠤᠷ  ᠢ ᠨᠥᠯᠥᠭᠡᠯᠡᠬᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠰᠢᠨ᠎ᠡ ᠡᠨᠧᠷᠭᠢ ᠶᠢᠨ ᠦᠢᠯᠡᠴᠢᠯᠡᠭᠡ ᠵᠡᠷᠭᠡ ᠬᠦᠷᠢᠶᠡᠨ ᠳᠤ ᠳᠤᠮᠳᠠᠳᠤ ᠤᠯᠤᠰ ᠤᠨ ᠮᠡᠷᠭᠡᠵᠢᠯ ᠪᠠ ᠪᠠᠷᠢᠮᠵᠢᠶ᠎ᠠ ᠶᠢ ᠣᠷᠣᠰ ᠪᠠ ᠮᠣᠩᠭᠤᠯ ᠤᠯᠤᠰ ᠲᠤ ᠲᠣᠯᠢ ᠪᠣᠯᠭᠠᠨ ᠬᠡᠷᠡᠭᠯᠡᠬᠦ ᠶᠢ ᠠᠬᠢᠭᠤᠯᠵᠤ᠂ ᠠᠷᠠᠳ ᠤᠨ ᠠᠭᠠᠷ ᠤᠨ ᠲᠡᠭᠡᠭᠡᠪᠦᠷᠢ ᠬᠢᠭᠡᠳ ᠴᠠᠭ ᠠᠭᠤᠷ ᠤᠨ ᠬᠠᠮᠲᠤᠷᠠᠯᠴᠠᠭ᠎ᠠ  ᠶᠢ ᠭᠦᠨᠵᠡᠭᠡᠶᠢᠷᠡᠭᠦᠯᠬᠦ ᠶᠢ ᠳᠡᠮᠵᠢᠵᠦ᠂ ᠠᠷᠠᠳ ᠤᠨ ᠠᠭᠠᠷ ᠤᠨ ᠲᠡᠭᠡᠭᠡᠪᠦᠷᠢ ᠶᠢᠨ ᠴᠠᠭ ᠠᠭᠤᠷ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ ᠭᠡᠵᠦ ᠳᠤᠷᠠᠳᠴᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号