ᠶᠡᠷᠦᠩᠬᠡᠢ ᠱᠦᠵᠢ ᠰᠢ ᠶᠢᠨ ᠫᠢᠩ ᠤᠨ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ | ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠪᠣᠯᠣᠨ ᠨᠠᠮ ᠤᠨ ᠬᠤᠷᠢᠳᠤᠭᠠᠷ ᠶᠡᠭᠡ | ᠬᠤᠷᠠᠯ ᠤᠨ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠴᠢᠬᠤᠯᠠ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ︽5 · 15︾ ᠤ | ᠳᠡᠯᠡᠬᠡᠢ ᠶᠢᠨ ᠭᠡᠷ ᠪᠦᠯᠢ ᠶᠢᠨ ᠡᠳᠦᠷ᠂ ᠪᠦᠬᠦ ᠤᠯᠤᠰ ᠤᠨ ᠭᠤᠷᠪᠠᠳᠤᠭᠠᠷ ︽ᠭᠡᠷ ᠪᠦᠯᠢ ᠶᠢᠨ ᠬᠥᠮᠦᠵᠢᠯ ᠤᠨ | ᠤᠬᠠᠭᠤᠯᠭ᠎ᠠ ᠶᠢᠨ ᠭᠠᠷᠠᠭ︾ ᠢ ᠤᠭᠲᠤᠵᠤ᠂ 5 ᠰᠠᠷ᠎ᠠ ᠶᠢᠨ 14 ᠤ ᠡᠳᠦᠷ᠂ ᠦᠴᠦᠸᠠᠨ ᠰᠢᠶᠠᠨ ᠤ | ᠡᠮᠡᠭᠲᠡᠶᠢᠴᠦᠳ ᠤᠨ ᠬᠤᠯᠪᠣᠭ᠎ᠠ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠲᠠᠢ ᠬᠠᠮᠲᠤᠷᠠᠨ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠰᠤᠷᠤᠯᠴᠠᠯᠭ᠎ᠠ ᠬᠥᠮᠦᠵᠢᠯ ᠲᠠᠢ | ᠤᠶᠠᠯᠳᠤᠭᠤᠯᠵᠤ᠂ ᠬᠥᠬᠡ ᠡᠷᠭᠢ ᠪᠠᠯᠭᠠᠰᠤᠨ ᠤ ᠶᠢᠩ ᠪᠢᠨ ᠨᠡᠶᠢᠭᠡᠮ ᠲᠣᠭᠤᠷᠢᠭ ᠲᠤ ︽ᠠᠷᠢᠭᠤᠨ ᠴᠢᠬᠡᠴᠢ ᠭᠡᠷ ᠤᠨ | ᠰᠤᠷᠲᠠᠯ ᠢ ᠪᠠᠳᠠᠷᠠᠭᠤᠯᠵᠤ ᠠᠷᠢᠭᠤᠨ ᠴᠢᠬᠡᠴᠢ ᠭᠡᠷ ᠪᠦᠯᠢ ᠶᠢ ᠬᠠᠮᠲᠤᠪᠠᠷ ᠪᠦᠲᠦᠭᠡᠨ ᠪᠠᠶᠢᠭᠤᠯᠬᠤ︾ ᠭᠤᠣᠯ | ᠰᠡᠳᠦᠪᠲᠦ ᠡᠳᠦᠷ ᠤᠨ ᠠᠵᠢᠯᠯᠠᠭ᠎ᠠ ᠥᠷᠨᠢᠭᠦᠯᠵᠦ᠂ ᠰᠢᠶᠠᠨ ᠤ ᠰᠠᠯᠠᠭᠠᠨ ᠲᠡᠰ ᠤᠨ 20 ᠭᠠᠷᠤᠢ ᠺᠠᠳ᠋ᠷ ᠤᠨ ᠭᠡᠷ | ᠪᠦᠯᠢ ᠶᠢᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃ | | | | | | ︽ᠬᠡᠷᠡᠭ ᠢᠶᠠᠷ ᠦᠨᠳᠦᠰᠦ ᠠᠴᠠ ᠨᠢ ᠵᠠᠰᠠᠬᠤ᠂ ᠬᠡᠷᠡᠭ ᠢᠶᠠᠷ ᠰᠤᠷᠭᠠᠨ ᠬᠥᠮᠦᠵᠢᠯ ᠢ ᠠᠬᠢᠭᠤᠯᠬᠤ᠂ ᠬᠡᠷᠡᠭ ᠢᠶᠠᠷ | ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ︾ ᠴᠢᠬᠤᠯᠠ ᠦᠢᠯᠡᠳᠦᠯ ᠢ ᠪᠠᠳᠠᠷᠠᠭᠤᠯᠵᠤ᠂ ᠭᠡᠷ ᠤᠨ ᠰᠤᠷᠲᠠᠯ ᠤᠨ | ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠳᠤ ᠦᠵᠡᠭᠦᠯᠬᠦ ᠴᠢᠬᠤᠯᠠ | ᠴᠢᠨᠠᠷ ᠢ ᠭᠦᠨᠵᠡᠭᠡᠢ ᠢᠯᠡᠷᠡᠭᠦᠯᠬᠦ ᠶᠢᠨ ᠲᠥᠯᠥᠭᠡ᠂ ᠠᠵᠢᠯᠯᠠᠭ᠎ᠠ ᠠᠴᠠ ᠺᠠᠳ᠋ᠷ ᠤᠨ ᠭᠡᠷ ᠪᠦᠯᠢ ᠶᠢᠨ ᠬᠢᠨ ᠢ ᠵᠣᠬᠢᠶᠠᠨ | ᠪᠠᠶᠢᠭᠤᠯᠵᠤ ᠰᠡᠷᠡᠮᠵᠢᠯᠡᠭᠦᠯᠬᠦ ᠬᠥᠮᠦᠵᠢᠯ ᠤᠨ ᠺᠢᠨᠣ᠋ ︽ᠳᠤᠮᠳᠠᠳᠤ ᠤᠯᠤᠰ ᠤᠨ ᠭᠡᠷ ᠤᠨ ᠶᠣᠰᠣ︾ ᠶᠢ ᠲᠥᠪᠯᠡᠷᠡᠭᠦᠯᠦᠨ | ᠰᠣᠨᠢᠷᠬᠠᠪᠠ᠃ ᠺᠢᠨᠣ᠋ ᠦᠵᠡᠵᠦ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ᠂ ︽ᠠᠷᠢᠭᠤᠨ ᠴᠢᠬᠡᠴᠢ ᠶᠢ ᠲᠤᠰᠠᠯᠠᠬᠤ︾ | ᠠᠵᠢᠯ ᠢ ᠰᠠᠶᠢᠲᠤᠷ ᠬᠢᠵᠦ᠂ ᠳᠡᠷᠭᠡᠳᠡᠬᠢ ᠬᠥᠮᠥᠰ ᠢᠶᠠᠨ ᠰᠠᠶᠢᠲᠤᠷ ᠬᠠᠮᠢᠶᠠᠷᠴᠤ᠂ ᠢᠯᠵᠠᠷᠠᠯ ᠢ ᠡᠰᠡᠷᠭᠦᠴᠡᠨ ᠠᠷᠢᠭᠤᠨ | ᠴᠢᠬᠡᠴᠢ ᠶᠢ ᠡᠷᠬᠢᠮᠯᠡᠬᠦ ᠭᠡᠷ ᠪᠦᠯᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ ᠭᠡᠵᠦ ᠢᠯᠡᠳᠬᠡᠵᠡᠭᠡᠪᠡ᠃ | | ︽ᠰᠠᠶᠢᠨ ᠰᠠᠶᠢᠬᠠᠨ ᠭᠡᠷ ᠤᠨ ᠰᠤᠷᠭᠠᠯ ᠭᠡᠷ ᠤᠨ ᠰᠤᠷᠲᠠᠯ ᠢ ᠤᠬᠠᠮᠰᠠᠷ ᠠᠴᠠ ᠪᠠᠨ ᠬᠥᠮᠥᠵᠢᠭᠦᠯᠵᠦ᠂ ᠠᠷᠢᠭᠤᠨ | ᠴᠢᠬᠡᠴᠢ ᠭᠡᠷ ᠪᠦᠯᠢ ᠶᠢᠨ ᠳᠠᠭᠠᠭᠤᠯᠤᠭᠴᠢ᠂ ᠪᠦᠲᠦᠭᠡᠨ ᠪᠠᠶᠢᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠬᠤ ᠪᠠᠷ | ᠴᠢᠷᠮᠠᠶᠢᠵᠤ᠂ ᠠᠷᠢᠭᠤᠨ ᠴᠢᠬᠡᠴᠢ ᠭᠡᠷ ᠤᠨ ᠰᠤᠷᠲᠠᠯ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ ᠢ | ᠪᠠᠳᠠᠷᠠᠭᠤᠯᠵᠤ᠂ ᠨᠡᠶᠢᠭᠡᠮ ᠵᠢᠷᠤᠮ ᠤᠨ ᠠᠷᠢᠭᠤᠨ ᠴᠢᠬᠡᠴᠢ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ | ᠬᠠᠮᠲᠤᠪᠠᠷ ᠪᠠᠶᠢᠭᠤᠯᠬᠤ ᠬᠡᠷᠡᠭᠲᠡᠢ ᠁︾ ᠳᠠᠷᠠᠭ᠎ᠠ ᠨᠢ᠂ ᠬᠤᠲᠠ ᠶᠢᠨ ᠱᠠᠲᠤᠨ ᠤ ︽ᠬᠠᠮᠤᠭ ᠤᠨ ᠭᠤᠶᠣ ᠭᠡᠷ | ᠪᠦᠯᠢ︾ ᠶᠢᠨ ᠲᠥᠯᠥᠭᠡᠯᠡᠭᠴᠢ ᠰᠦ᠋ ᠶᠠ ᠵᠢᠶᠧ ᠠᠵᠢᠯᠯᠠᠭ᠎ᠠ ᠳᠤ ᠣᠷᠣᠯᠴᠠᠭᠰᠠᠨ ᠺᠠᠳ᠋ᠷ ᠤᠨ ᠭᠡᠷ ᠪᠦᠯᠢ ᠶᠢᠨ ᠬᠢᠨ ᠳᠤ | ︽ᠭᠡᠷ ᠤᠨ ᠰᠤᠷᠲᠠᠯ ᠭᠡᠷ ᠤᠨ ᠰᠤᠷᠭᠠᠯ ᠢ ᠴᠢᠩᠭᠠᠳᠬᠠᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠣᠶ ᠪᠣᠯᠭᠠᠬᠤ︾ | ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠯᠲᠠ ᠬᠢᠵᠦ᠂ ᠺᠠᠳ᠋ᠷ ᠤᠨ ᠭᠡᠷ ᠪᠦᠯᠢ ᠶᠢᠨ ᠬᠢᠨ ᠢ ᠬᠥᠮᠥᠵᠢᠭᠦᠯᠦᠨ | ᠵᠢᠯᠤᠭᠤᠳᠴᠤ ᠪᠠᠶᠢᠭᠠᠳ ᠰᠠᠶᠢᠨ ᠰᠠᠶᠢᠬᠠᠨ ᠭᠡᠷ ᠤᠨ ᠰᠤᠷᠲᠠᠯ ᠭᠡᠷ ᠤᠨ ᠰᠤᠷᠭᠠᠯ ᠢᠶᠠᠷ ᠠᠷᠢᠭᠤᠨ ᠴᠢᠬᠡᠴᠢ | ᠰᠤᠷᠲᠠᠯ ᠢ ᠪᠣᠶ ᠪᠣᠯᠭᠠᠵᠤ᠂ ᠢᠯᠵᠠᠷᠠᠯ ᠢ ᠰᠡᠷᠭᠡᠶᠢᠯᠡᠨ ᠬᠤᠷᠢᠭᠯᠠᠵᠤ᠂ ᠶᠣᠰᠣ ᠮᠣᠷᠠᠯ ᠢ ᠡᠷᠬᠢᠮᠯᠡᠨ ᠥᠭᠡᠳᠡᠯᠡᠨ | ᠳᠠᠪᠰᠢᠬᠤ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠡᠶ᠎ᠡ ᠵᠣᠬᠢᠴᠠᠩᠭᠤᠢ ᠵᠣᠯ ᠵᠢᠷᠭᠠᠯᠲᠤ ᠭᠡᠷ ᠪᠦᠯᠢ ᠶᠢ | ᠪᠠᠶᠢᠭᠤᠯᠤᠨ᠎ᠠ᠃ | | | | | | ᠠᠵᠢᠯᠯᠠᠭ᠎ᠠ ᠶᠢᠨ ᠡᠴᠦᠰ ᠲᠤ᠂ ᠣᠯᠠᠨ ᠢᠶᠠᠷ ᠢᠶᠠᠨ ᠨᠣᠮ ᠤᠨ ᠱᠣᠰᠢᠭ᠎ᠠ ᠶᠢ ᠥᠪᠡᠷ ᠢᠶᠠᠨ ᠵᠣᠬᠢᠶᠠᠵᠤ᠂ | ᠠᠷᠢᠭᠤᠨ ᠴᠢᠬᠡᠴᠢ ᠦᠭᠡ ᠬᠡᠯᠡᠵᠦ᠂ ᠪᠠᠰᠠ ᠤᠬᠠᠭᠤᠯᠬᠤ ᠴᠠᠭᠠᠰᠤᠨ ᠳᠡᠭᠡᠷ᠎ᠡ ᠯᠢᠩᠬᠤ᠎ᠠ ᠵᠢᠷᠤᠵᠠᠢ᠃ | ᠡᠨᠡ ᠤᠳᠠᠭᠠᠨ ᠤ ᠠᠵᠢᠯᠯᠠᠭ᠎ᠠ ᠳᠤ ᠪᠢᠳᠡ ᠭᠡᠷ ᠪᠦᠯᠢ ᠠᠷᠢᠭᠤᠨ ᠴᠢᠬᠡᠴᠢ ᠶᠢ ᠲᠤᠰᠠᠯᠠᠬᠤ ᠶᠢ ᠨᠡᠩ | ᠴᠢᠬᠤᠯᠠᠴᠢᠯᠠᠵᠠᠢ᠃ ᠬᠤᠶᠢᠰᠢᠳᠠ ︽ᠬᠠᠭᠠᠰ ᠲᠡᠭᠷᠢ︾ ᠪᠠ ︽ᠠᠷᠢᠭᠤᠨ ᠴᠢᠬᠡᠴᠢ ᠶᠢ ᠲᠤᠰᠠᠯᠠᠬᠤ︾ ᠦᠢᠯᠡᠳᠦᠯ ᠢ | ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠰᠤᠷᠲᠠᠯ ᠴᠢᠬᠡᠴᠢ ᠣᠪᠣᠷ ᠲᠥᠪ ᠨᠡᠶᠢᠭᠡᠮ ᠤᠨ ᠠᠭᠤᠷ ᠠᠮᠢᠰᠬᠤᠯ ᠢ ᠪᠣᠶ | ᠪᠣᠯᠭᠠᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ︾ ᠭᠡᠵᠦ ᠳᠠᠷᠤᠭ᠎ᠠ ᠶᠢᠨ ᠭᠡᠷ ᠪᠦᠯᠢ | ᠲᠤᠶᠠᠭ᠎ᠠ ᠬᠡᠯᠡᠪᠡ᠃ | ᠳᠠᠷᠠᠭᠠᠴᠢ ᠶᠢᠨ ᠠᠯᠬᠤᠮ ᠳᠤ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠤᠯᠠᠨ ᠬᠡᠯᠪᠡᠷᠢ ᠶᠢᠨ ︽ᠠᠷᠢᠭᠤᠨ | ᠴᠢᠬᠡᠴᠢ︾ ᠶᠢᠨ ᠭᠤᠣᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠥᠷᠭᠡᠨ | ᠤᠯᠠᠨ ᠭᠡᠷ ᠪᠦᠯᠢ ᠶᠢ ᠬᠥᠲᠥᠯᠥᠨ ᠵᠢᠯᠤᠭᠤᠳᠴᠤ ᠪᠠᠶᠢᠭᠠᠳ ᠠᠷᠢᠭᠤᠨ ᠴᠢᠬᠡᠴᠢ ᠶᠢ ᠡᠷᠬᠢᠮᠯᠡᠬᠦ᠂ ᠭᠡᠷ ᠤᠨ ᠰᠤᠷᠲᠠᠯ ᠢ | ᠴᠢᠬᠤᠯᠠᠴᠢᠯᠠᠬᠤ ᠪᠣᠯᠪᠠᠰᠤᠨ ᠵᠢᠱᠢᠶᠡᠴᠢ ᠪᠣᠯᠭᠠᠬᠤ ᠪᠠᠷ ᠴᠢᠷᠮᠠᠶᠢᠨ᠎ᠠ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |