ᠳ᠋ᠧ ᠱᠧᠩ ᠭᠧᠦ ᠰᠢᠶᠠᠩ ᠤᠨ ᠬᠠᠤᠯᠢ ᠴᠠᠭᠠᠵᠠ ᠶᠢᠨ ᠭᠠᠵᠠᠷ᠄ ᠬᠠᠤᠯᠢ ᠪᠠᠷ ᠵᠠᠰᠠᠬᠤ ᠲᠠᠭᠤᠨ ᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠤᠨ᠎ᠠ
ᠨᠡᠶᠢᠲᠡᠯᠡᠭᠰᠡᠨ ᠴᠠᠭ᠄
2024/5/16
     2024 ᠣᠨ ᠤ 5 ᠰᠠᠷ᠎ᠠ ᠪᠣᠯ ᠳᠥᠷᠪᠡᠳᠦᠭᠡᠷ ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾ ᠪᠣᠯᠣᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠬᠠᠮᠢᠶ᠎ᠠ ᠪᠦᠬᠦᠢ ᠮᠡᠳᠡᠯᠭᠡ ᠶᠢ ᠭᠦᠨᠵᠡᠭᠡᠢ ᠲᠦᠭᠡᠮᠡᠯᠵᠢᠭᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠢ ᠣᠯᠠᠨ ᠲᠦᠮᠡᠨ ᠤ ᠳᠡᠷᠭᠡᠳᠡ ᠬᠦᠷᠭᠡᠵᠦ᠂ ᠣᠯᠠᠨ ᠲᠦᠮᠡᠨ ᠤ ᠰᠡᠳᠬᠢᠯ ᠳᠤ ᠬᠦᠷᠭᠡᠵᠦ᠂ ᠥᠷᠭᠡᠨ ᠣᠯᠠᠨ ᠲᠦᠮᠡᠨ ᠤ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠦᠴᠦᠸᠠᠨ ᠰᠢᠶᠠᠨ ᠤ ᠳ᠋ᠧ ᠱᠧᠩ ᠭᠧᠦ ᠰᠢᠶᠠᠩ ᠤᠨ ᠬᠠᠤᠯᠢ ᠴᠠᠭᠠᠵᠠ ᠶᠢᠨ ᠭᠠᠵᠠᠷ ᠣᠶᠢᠷ᠎ᠠ ᠶᠢᠨ ᠨᠢᠭᠡ ᠰᠠᠷ᠎ᠠ ᠶᠢᠨ ᠴᠠᠭ ᠢ ᠠᠰᠢᠭᠯᠠ᠂ ︽ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠬᠡᠷᠡᠭ ᠶᠠᠪᠤᠳᠠᠯ ᠰᠢᠢᠳᠪᠦᠷᠢᠯᠡᠬᠦ ᠳᠡᠭᠡᠨ ᠬᠠᠤᠯᠢ ᠶᠢ ᠵᠢᠷᠤᠮᠯᠠᠬᠤ᠂ ᠠᠰᠠᠭᠤᠳᠠᠯ ᠢ ᠰᠢᠢᠳᠪᠦᠷᠢᠯᠡᠬᠦ ᠳᠡᠭᠡᠨ ᠬᠠᠤᠯᠢ ᠶᠢ ᠬᠡᠷᠡᠭᠯᠡᠬᠦ᠂ ᠵᠥᠷᠢᠴᠡᠯ ᠢ ᠰᠢᠢᠳᠪᠦᠷᠢᠯᠡᠬᠦ ᠳᠡᠭᠡᠨ ᠬᠠᠤᠯᠢ ᠳᠤ ᠲᠦᠰᠢᠭᠯᠡᠬᠦ︾ ᠪᠠᠷ ᠭᠤᠣᠯ ᠰᠡᠳᠦᠪ ᠪᠣᠯᠭᠠᠵᠤ᠂ ᠬᠠᠷᠢᠶ᠎ᠠ ᠣᠷᠣᠨ ᠤ ᠪᠠᠨ 8 ᠲᠣᠰᠬᠤᠨ ᠤ ᠠᠷᠠᠳ ᠤᠨ ᠵᠥᠪᠯᠡᠯ᠂ 49 ᠠᠶᠢᠯ ᠲᠣᠰᠬᠤᠨ ᠳᠤ ᠭᠦᠨᠵᠡᠭᠡᠶᠢᠷᠡᠨ ᠬᠠᠤᠯᠢ ᠪᠠᠷ ᠵᠠᠰᠠᠬᠤ ᠤᠬᠠᠭᠤᠯᠭ᠎ᠠ ᠬᠢᠵᠡᠢ᠃
     ᠲᠣᠰ ᠤᠳᠠᠭᠠᠨ ᠤ ᠠᠵᠢᠯᠯᠠᠭ᠎ᠠ ᠳᠤᠮᠳᠠ᠂ ︽ᠲᠣᠮᠣ ᠪᠦᠷᠢᠶ᠎ᠡ ᠪᠠᠭ᠎ᠠ ᠪᠡᠯᠡᠭ︾ ᠤᠨ ᠤᠬᠠᠭᠤᠯᠭ᠎ᠠ ᠶᠢᠨ ᠬᠡᠯᠪᠡᠷᠢ ᠶᠢ ᠠᠪᠴᠤ᠂ ᠨᠠᠮ ᠤᠨ ᠣᠨᠣᠯ ᠤᠨ ᠰᠢᠨ᠎ᠡ ᠶᠢ ᠡᠭᠦᠳᠬᠦ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠬᠠᠷᠢᠯᠴᠠᠨ ᠤᠶᠠᠯᠳᠤᠭᠤᠯᠵᠤ᠂ ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ᠂ ᠬᠠᠤᠯᠢ ᠴᠠᠭᠠᠵᠠ ᠶᠢᠨ ᠨᠣᠮ ᠪᠢᠴᠢᠭ᠂ ᠤᠬᠠᠭᠤᠯᠭ᠎ᠠ ᠶᠢᠨ ᠵᠢᠷᠤᠭᠲᠤ ᠳᠡᠪᠲᠡᠷ᠂ ᠡᠷᠦᠬᠡ ᠳᠤ ᠬᠦᠷᠴᠦ ᠬᠠᠤᠯᠢ ᠬᠦᠷᠭᠡᠬᠦ᠂ ᠲᠤᠬᠠᠢ ᠶᠢᠨ ᠲᠠᠯᠠᠪᠤᠷ ᠲᠤ ᠵᠥᠪᠯᠡᠯᠭᠡ ᠥᠭᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠬᠠᠤᠯᠢ ᠪᠠᠷ ᠵᠠᠰᠠᠬᠤ ᠲᠠᠭᠤᠨ ᠢ ᠬᠥᠳᠡᠭᠡ ᠲᠣᠰᠬᠤᠨ ᠪᠣᠯᠭᠠᠨ ᠳᠤ ᠳᠠᠮᠵᠢᠭᠤᠯᠬᠤ ᠪᠠᠷ ᠴᠢᠷᠮᠠᠶᠢᠵᠤ᠂ ᠲᠦᠭ ᠲᠦᠮᠡᠨ ᠠᠶᠢᠯ ᠡᠷᠦᠬᠡ ᠳᠤ ᠳᠠᠮᠵᠢᠭᠤᠯᠵᠤ᠂ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠳᠤᠮᠳᠠ ᠬᠠᠤᠯᠢ ᠰᠤᠷᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠡᠷᠢᠬᠦ᠂ ᠬᠠᠤᠯᠢ ᠴᠠᠭᠠᠵᠠ ᠪᠠᠷ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠢᠳᠡᠪᠬᠢᠵᠢᠯ ᠢ ᠳᠡᠭᠡᠭᠰᠢᠯᠡᠭᠦᠯᠵᠦ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠳᠤ 200 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 500 ᠭᠠᠷᠤᠢ ᠬᠥᠮᠥᠨ ᠳᠤ ᠬᠥᠮᠦᠵᠢᠯ ᠬᠦᠷᠲᠡᠭᠡᠵᠦ᠂ ᠰᠠᠶᠢᠨ ᠰᠠᠶᠢᠬᠠᠨ ᠤᠬᠠᠭᠤᠯᠭ᠎ᠠ ᠶᠢᠨ ᠦᠷ᠎ᠡ ᠪᠦᠲᠦᠮᠵᠢ ᠣᠯᠪᠠ᠃      ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠪᠠᠷ ᠲᠦᠰᠢᠭ ᠪᠣᠯᠭᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠷᠭ᠎ᠠ ᠵᠠᠮ ᠪᠠ ᠠᠴᠢᠶᠠᠯᠠᠪᠤᠷᠢ ᠶᠢᠨ ᠰᠢᠨ᠎ᠡ ᠶᠢ ᠡᠭᠦᠳᠬᠦ ᠪᠠ ᠥᠷᠭᠡᠳᠬᠡᠵᠦ᠂ ᠤᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号