ᠶᠠᠩ ᠰᠢᠩ ᠱᠧᠩ ᠮᠠᠨ ᠤ ᠰᠢᠶᠠᠨ ᠤ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠲᠣᠭᠤᠷᠢᠭ ᠪᠠ ᠨᠠᠰᠤᠵᠢᠯ ᠤᠨ ᠦᠢᠯᠡᠴᠢᠯᠡᠭᠡᠨ ᠤ ᠲᠣᠭᠤᠷᠢᠭ ᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/5/16
     5 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠮᠠᠨ ᠤ ᠰᠢᠶᠠᠨ ᠤ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠲᠣᠭᠤᠷᠢᠭ ᠪᠣᠯᠣᠨ ᠨᠠᠰᠤᠵᠢᠯ ᠤᠨ ᠦᠢᠯᠡᠴᠢᠯᠡᠭᠡᠨ ᠤ ᠲᠣᠭᠤᠷᠢᠭ ᠲᠤ ᠭᠦᠨᠵᠡᠭᠡᠶᠢᠷᠡᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠱᠠᠯᠠᠪᠳᠠᠭᠤᠯᠤᠨ ᠵᠢᠯᠣᠭᠤᠳᠪᠠ᠃ ᠶᠠᠩ ᠰᠢᠩ ᠱᠧᠩ ᠤᠷᠢᠳ ᠬᠤᠵᠢᠳ ᠰᠢᠨ ᠬᠤᠸᠠ ᠣᠯᠠᠨ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢᠨ ᠭᠠᠵᠠᠷ᠂ ᠬᠤᠸᠠ ᠯᠠᠢ ᠱᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢᠨ ᠭᠠᠵᠠᠷ᠂ ᠵᠥᠩ ᠵᠢᠶᠠᠨ ᠪᠦᠦ ᠬᠤᠨᠴᠢᠷ ᠡᠮ ᠤᠨ ᠢᠳᠡᠭᠡᠨ ᠤ ᠨᠠᠷᠢᠯᠢᠭ ᠡᠳ᠋ᠰᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢᠨ ᠭᠠᠵᠠᠷ ᠪᠣᠯᠣᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠯᠡᠩ ᠲᠣᠭᠤᠷᠢᠭ ᠵᠡᠷᠭᠡ ᠭᠠᠵᠠᠷ ᠲᠤ ᠬᠦᠷᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠲᠤᠬᠠᠢ ᠶᠢᠨ ᠲᠠᠯᠠᠪᠠᠶ ᠳᠤ ᠠᠵᠢᠯᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠵᠥᠷᠢᠴᠡᠯ ᠠᠰᠠᠭᠤᠳᠠᠯ ᠢ ᠰᠤᠳᠤᠯᠤᠨ ᠵᠣᠬᠢᠴᠠᠭᠤᠯᠵᠤ ᠰᠢᠢᠳᠪᠦᠷᠢᠯᠡᠬᠦ ᠶᠢᠨ ᠬᠠᠮᠲᠤ ᠲᠥᠷᠥᠯ ᠵᠦᠢᠯ ᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠲᠦᠷᠦᠯ ᠵᠦᠢᠯ ᠪᠣᠯ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠣᠨ᠎ᠠ᠂ ᠪᠦᠬᠦ ᠰᠢᠶᠠᠨ ᠢᠶᠠᠷ ᠢᠶᠠᠨ ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠲᠣᠭᠤᠷᠢᠨ ᠳᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠨᠠᠭᠰᠢᠳᠠ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠠᠬᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃      ᠶᠠᠩ ᠰᠢᠩ ᠱᠧᠩ ᠱᠠᠭᠠᠷᠳᠠᠭᠰᠠᠨ ᠨᠢ᠂ ᠪᠦᠬᠦ ᠰᠢᠶᠠᠨ ᠢᠶᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠪᠦᠬᠦ ᠲᠠᠯ᠎ᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠵᠦᠢᠯᠡᠰ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢᠨ ᠳᠡᠭᠡᠭᠰᠢᠯᠡᠯᠲᠡ ᠵᠡᠷᠭᠡ ᠲᠠᠯ᠎ᠠ ᠪᠠᠷ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ᠃ ᠰᠢᠶᠠᠨ ᠤ ᠭᠠᠵᠠᠷ ᠤᠨ ᠲᠠᠰ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠴᠠᠭᠠᠨ ᠰᠤᠳᠤᠯᠤᠯᠲᠠ ᠶᠢ ᠪᠠᠶᠢᠩᠭᠤᠵᠢᠭᠤᠯᠤᠨ ᠴᠢᠩᠭᠠᠳᠬᠠᠵᠤ᠂ ᠠᠬᠢᠴᠠ ᠶᠢ ᠰᠢᠮᠳᠠᠭᠤᠯᠵᠤ᠂ ᠪᠡᠯᠡ ᠣᠷᠣᠭᠤᠯᠤᠯᠲᠠ ᠶᠢ ᠠᠳᠬᠤᠵᠤ᠂ ᠠᠰᠠᠭᠤᠳᠠᠯ ᠢ ᠪᠠᠶᠢᠴᠠᠭᠠᠵᠤ᠂ ᠰᠢᠯᠲᠠᠭᠠᠨ ᠢ ᠡᠷᠢᠵᠦ᠂ ᠬᠠᠪᠰᠤᠷᠤᠨ ᠰᠢᠢᠳᠪᠦᠷᠢᠯᠡᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠥᠯᠥᠭᠡᠯᠡᠨ ᠬᠢᠵᠠᠭᠠᠷᠯᠠᠬᠤ ᠶᠠᠪᠤᠴᠠ ᠳᠠᠬᠢ ᠬᠦᠴᠢᠷ ᠠᠰᠠᠭᠤᠳᠠᠯ ᠢ ᠤᠯᠠᠮ ᠨᠢᠭᠡ ᠠᠯᠬᠤᠮ ᠡᠮᠬᠢᠯᠡᠵᠦ᠂ ᠰᠤᠳᠤᠯᠤᠨ ᠮᠠᠭᠠᠳᠯᠠᠵᠤ᠂ ᠡᠯ᠎ᠡ ᠲᠥᠷᠥᠯ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠰᠠᠶᠢᠲᠤᠷ ᠬᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠢ᠂ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠠᠵᠤ ᠠᠬᠤᠶᠢᠯᠠᠯ ᠤᠨ ᠬᠢᠨ ᠪᠠᠷᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠣᠬᠢᠰᠲᠠᠢ ᠲᠣᠬᠢᠷᠠᠭᠤᠯᠵᠤ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠬᠤ ᠶᠢ ᠪᠠᠲᠤᠯᠠᠵᠤ᠂ ᠡᠯ᠎ᠡ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠰᠢᠶᠧ ᠴᠢᠦᠢ ᠫᠢᠩ᠂ ᡁᠢ ᠵᠢᠶᠠᠨ ᠭᠠᠩ᠂ ᠼᠦᠢ ᠵᠧᠨ ᠬᠤᠸᠠ᠂ ᠶᠦᠨ ᠰᠢᠶᠣᠣ ᠮᠢᠨ᠂ ᠵᠠᠩ ᠵᠢᠶᠧ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃  ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号