5 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ | ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 133 ᠳ᠋ᠤᠭᠠᠷ | ᠤᠳᠠᠭ᠎ᠠ ᠶᠢᠨ ᠬᠤᠷᠠᠯ ᠵᠢᠴᠢ ᠪᠦᠬᠦ ᠨᠡᠶᠢᠭᠡᠮ ᠤᠨ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ | ᠠᠵᠢᠯ ᠤᠨ ᠤᠳᠤᠷᠢᠳᠬᠤ ᠳᠤᠭᠤᠶᠢᠯᠠᠩ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ | ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ | ᠬᠤᠷᠠᠯ᠂ ᠪᠠᠶᠢᠴᠠᠭᠠᠨ ᠰᠤᠳᠤᠯᠤᠯᠲᠠ᠂ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ᠂ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ᠴᠢᠬᠤᠯᠠ ᠵᠣᠬᠢᠶᠠᠯ ᠢ | ᠤᠯᠠᠮᠵᠢᠯᠠᠨ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ | ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠲᠡᠷᠡ ᠶᠣᠰᠣᠭᠠᠷ ᠨᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠭᠰᠡᠨ᠂ ᠪᠦᠬᠦ ᠨᠡᠶᠢᠭᠡᠮ ᠤᠨ ᠡᠬᠢ ᠪᠠᠶᠠᠯᠢᠭ ᠢ ᠪᠦᠬᠦ ᠲᠠᠯ᠎ᠠ ᠪᠠᠷ | ᠠᠷᠪᠢᠯᠠᠨ ᠡᠷᠴᠢᠮᠵᠢᠭᠦᠯᠦᠭᠰᠡᠨ ᠠᠵᠢᠯ ᠢ ᠪᠦᠬᠦ ᠬᠦᠴᠦᠨ ᠢᠶᠠᠷ ᠠᠬᠢᠭᠤᠯᠤᠭᠰᠠᠨ᠂ ᠬᠠᠳᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠵᠡᠷᠭᠡ | ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠳᠤ | ᠪᠠᠶᠢᠷᠢᠯᠠᠭᠤᠯᠤᠯᠲᠠ ᠬᠢᠪᠡ᠃ | ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠤᠨ | ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠳᠦᠷᠢᠮ︾ ᠵᠡᠷᠭᠡ ᠨᠠᠮ ᠤᠨ ᠳᠣᠲᠣᠭᠠᠳᠤ ᠶᠢᠨ | ᠬᠠᠤᠯᠢ ᠲᠣᠭᠲᠠᠭᠠᠯ ᠢ ᠴᠢᠩᠭ᠎ᠠ ᠵᠢᠷᠤᠮᠵᠢᠭᠤᠯᠤᠨ ᠬᠡᠷᠡᠭᠵᠢᠭᠦᠯᠵᠦ᠂ ᠨᠢᠭᠡᠳᠦᠭᠡᠷ ᠵᠥᠪᠯᠡᠬᠦ ᠵᠦᠢᠯ ᠤᠨ ᠳᠦᠷᠢᠮ ᠢ | ᠴᠢᠩᠭ᠎ᠠ ᠬᠡᠷᠡᠭᠵᠢᠭᠦᠯᠵᠦ᠂ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠤᠯᠠᠨ ᠶᠠᠩᠵᠤ ᠪᠠᠷ ᠰᠠᠶᠢᠲᠤᠷ ᠥᠷᠨᠢᠭᠦᠯᠬᠦ | ᠬᠡᠷᠡᠭᠲᠡᠢ᠃ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠ ᠳᠦᠷᠢᠮ ᠲᠣᠭᠲᠠᠭᠠᠯ ᠲᠣᠭᠲᠠᠭᠠᠬᠤ ᠶᠢ ᠴᠢᠩᠭ᠎ᠠ | ᠠᠩᠬᠠᠷᠴᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠬᠡᠵᠦ | ᠴᠢᠬᠤᠯᠠᠴᠢᠯᠠᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠬᠢ ᠪᠠᠶᠠᠯᠢᠭ ᠢ ᠠᠷᠪᠢᠯᠠᠬᠤ | ᠤᠬᠠᠮᠰᠠᠷ ᠢᠶᠠᠨ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠪᠣᠯᠣᠨ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠤᠳᠠᠭ᠎ᠠ ᠪᠦᠷᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠳᠤ ᠪᠦᠬᠦ ᠲᠠᠯ᠎ᠠ ᠶᠢᠨ ᠥᠪᠡᠷ ᠤᠨ ᠪᠠᠶᠢᠴᠠᠭᠠᠯᠲᠠ ᠬᠢᠵᠦ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠣᠨᠴᠠᠯᠢᠭᠲᠤ ᠠᠵᠤ | ᠦᠢᠯᠡᠰ ᠤᠨ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠷᠢᠶᠠᠯᠠᠩ ᠤᠨ | ᠪᠦᠲᠦᠭᠡᠭᠳᠡᠬᠦᠨ ᠤ ᠪᠠᠷᠢᠮᠵᠢᠶ᠎ᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠤᠬᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠥᠨᠳᠦᠷᠯᠢᠭ ᠤᠨ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠦᠬᠦ ᠰᠢᠶᠠᠨ ᠤ ᠡᠯ᠎ᠡ ᠵᠦᠢᠯ ᠤᠨ ᠠᠵᠢᠯ ᠢ ᠠᠵᠢᠯᠯᠠᠭ᠎ᠠ ᠶᠢᠨ | ᠲᠠᠯ᠎ᠠ ᠪᠠᠷ ᠦᠨᠡᠨ ᠢ ᠢᠯᠡᠷᠡᠭᠦᠯᠦᠨ ᠪᠣᠳᠠᠲᠤ ᠦᠷ᠎ᠡ ᠪᠦᠲᠦᠮᠵᠢ ᠶᠢ ᠡᠷᠢᠯᠬᠢᠯᠡᠵᠦ᠂ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠮᠠᠨ ᠤ | ᠰᠢᠶᠠᠨ ᠳᠤ ᠡᠷᠡᠰ ᠭᠤᠶᠢᠪᠢᠰᠢ ᠦᠭᠡᠢ᠂ ᠪᠦᠬᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ ︵ᠰᠤᠷᠪᠤᠯᠵᠢᠯᠠᠭᠴᠢ ᠵᠧᠦ ᠶᠠᠨ ᠶᠠᠩ ᠵᠢᠶ᠋ᠧ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |