ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 10 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/17
     5 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 10 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠵᠠᠯᠠᠭᠤᠴᠤᠳ ᠲᠤ ᠢᠯᠡᠭᠡᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠴᠢᠩᠭᠠᠳᠬᠠᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠢ᠂ ᠪᠦᠷᠢᠨ ᠪᠦᠲᠦᠨ ᠴᠠᠭ ᠲᠤᠬᠠᠢ ᠳᠤᠨᠢ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠲᠤᠰᠬᠠᠬᠤ ᠶᠢ ᠪᠠᠲᠤᠯᠠᠬᠤ ᠬᠡᠷᠡᠭᠲᠡᠢ᠃ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠪᠠ ᠪᠤᠰᠤᠳ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠬᠠᠮᠵᠢᠯᠴᠠᠬᠤ ᠶᠢ ᠠᠬᠢᠭᠤᠯᠵᠤ᠂ ᠰᠢᠰᠲ᠋ᠧᠮ ᠨᠢ ᠪᠦᠷᠢᠨ ᠪᠦᠲᠦᠨ᠂ ᠬᠠᠮᠵᠢᠯᠴᠠᠭ᠎ᠠ ᠨᠢ ᠥᠨᠳᠥᠷ ᠪᠦᠲᠦᠮᠵᠢᠲᠡᠢ᠂ ᠬᠢᠵᠠᠭᠠᠷᠯᠠᠯ ᠨᠢ ᠬᠦᠴᠦᠲᠡᠢ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠢᠯᠣᠭᠤᠳᠤᠨ ᠬᠠᠤᠯᠢ ᠲᠣᠭᠲᠠᠭᠠᠯ ᠶᠣᠰᠣᠭᠠᠷ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠵᠦ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠰᠣᠯᠢᠯᠴᠠᠭᠠᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠴᠦᠸᠠᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃  ︵ᠰᠤᠷᠪᠤᠯᠵᠢᠯᠠᠭᠴᠢ᠄ ᠯᠢᠦ ᠪᠠᠢ ᠢᠦᠢ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号